ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-16 10:36:25

ᠵᠣᠬᠢᠶᠠᠭ᠍ᠴᠢ᠄ ​ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠶ ᠭᠠᠩ ᠰᠤᠷᠪᠤᠯᠵᠢᠯᠠᠭ᠍ᠴᠢ ᠢᠳᠡᠷᠡᠬᠦᠨ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 14 ᠤ᠋ ᠥᠷᠯᠥᠭᠡ᠂ ᠮᠠᠨᠵᠤᠤᠷ ᠬᠤᠳᠠ᠎ᠶ᠋ᠢᠨ ᠱᠢᠨ ᠱ᠌ᠢ ᠵᠶ᠋ᠢ ᠨᠡᠢᠭᠡᠮ ᠲᠣᠭᠣᠷᠢᠭ᠎ᠤᠨ ᠶᠦᠩ ᠵᠢᠶᠦ᠋ᠨ ᠰᠠᠭᠤᠭᠠᠯᠢ ᠠᠷᠠᠳ᠎ᠤᠨ ᠲᠣᠭᠣᠷᠢᠭ᠎ᠤᠨ ᠪᠥᠭᠡᠮ ᠬᠦᠴᠢᠯ᠎ᠤᠨ ᠦᠯᠢᠭᠡᠷ ᠶᠠᠨᠭᠵᠤ ᠠᠪᠬᠤ ᠴᠡᠭ᠎ᠲᠦ᠂ ᠬᠠᠮᠠᠭᠠᠯᠠᠯᠲᠠ᠎ᠶ᠋ᠢᠨ ᠬᠤᠪᠴᠠᠰᠤ ᠡᠮᠦᠰᠦᠭᠰᠡᠨ ᠰᠦᠢ ᠶᠠ ᠬᠤᠢ ᠠᠷᠢᠭᠤᠳᠭᠠᠯ᠎ᠤᠨ ᠳᠡᠪᠦᠷ᠎ᠡ ᠪᠠᠷᠢᠵᠤ᠂ ᠡᠮᠴᠢ ᠰᠤᠪᠢᠯᠠᠭ᠍ᠴᠢ᠎ᠶ᠋ᠢ ᠬᠠᠪᠰᠤᠷᠤᠨ ᠰᠠᠭᠤᠭᠠᠯᠢ ᠠᠷᠠᠳ ᠲᠤ᠌ ᠪᠥᠭᠡᠮ ᠬᠦᠴᠢᠯ᠎ᠤᠨ ᠦᠯᠢᠭᠡᠷ ᠶᠠᠨᠭᠵᠤ ᠠᠪᠴᠤ᠌ ᠦᠭᠬᠦ᠎ᠶ᠋ᠢᠨ ᠬᠠᠮᠲᠤ ᠠᠵᠢᠯ᠎ᠤᠨ ᠲᠤᠬᠠᠢ᠎ᠶ᠋ᠢᠨ ᠲᠠᠯᠠᠪᠠᠢ ᠵᠢ ᠠᠷᠢᠭᠤᠳᠭᠠᠵᠤ ᠬᠢᠵᠢᠭ᠎ᠢ ᠰᠡᠷᠭᠡᠢᠯᠡᠨ᠎ᠠ᠃

《ᠣᠯᠠᠨ᠎ᠢᠶᠠᠷ᠎ᠢᠶᠠᠨ 1.5 ᠮᠧᠲ᠋ᠷ ᠠᠯᠤᠰᠯᠠᠨ ᠮᠥᠷᠯᠡᠵᠦ᠍᠂ ᠡᠷᠡᠭᠦᠯ ᠮᠡᠨᠳᠦ᠍᠎ᠶ᠋ᠢᠨ ᠺᠣᠳ᠋᠎ᠢᠶᠠᠨ ᠤᠷᠢᠳᠴᠢᠯᠠᠨ ᠪᠡᠯᠡᠳᠭᠡᠭᠡᠷᠡᠶ》᠃ ᠰᠦᠶ ᠶᠠ ᠬᠣᠶ ᠬᠦᠯᠢᠶᠡᠬᠦ᠌ ᠲᠣᠭᠣᠷᠢᠭ᠎ᠤᠨ ᠳᠠᠭᠠᠤ ᠰᠠᠭᠤᠭᠠᠯᠢ ᠠᠷᠠᠳ᠎ᠤᠨ ᠡᠮᠬᠢ ᠵᠢᠷᠤᠮ᠎ᠲᠠᠶ᠎ᠪᠠᠷ ᠱᠢᠯᠭᠠᠨ ᠪᠠᠢᠴᠠᠭᠠᠬᠤ᠎ᠶ᠋ᠢ ᠬᠥᠲᠥᠯᠥᠨ ᠵᠢᠯᠣᠭᠣᠳᠴᠤ᠌᠂ ᠬᠥᠮᠦᠨ ᠬᠠᠷ᠎ᠠ ᠴᠤᠭ᠍ᠯᠠᠷᠠᠬᠤ᠎ᠶ᠋ᠢ ᠴᠢᠩᠭ᠎ᠠ ᠰᠡᠷᠭᠡᠢᠯᠡᠬᠦ᠌᠎ᠶ᠋ᠢᠨ ᠬᠠᠮᠲᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠠᠩᠬᠠᠷᠬᠤ ᠵᠦᠶ᠋ᠯᠡᠰ᠎ᠢ ᠴᠠᠭ ᠢᠮᠠᠭ᠍ᠲᠠ ᠤᠬᠠᠭᠤᠯᠵᠤ ᠪᠠᠢᠯ᠎ᠠ᠃

ᠬᠢᠵᠢᠭ᠎ᠤᠨ ᠪᠠᠢᠳᠠᠯ ᠭᠠᠷᠤᠭ᠍ᠰᠠᠨ᠎ᠤ ᠳᠠᠷᠠᠭ᠎ᠠ᠂《ᠨᠠᠶᠠᠭᠠᠳ ᠣᠨ᠎ᠡᠴᠡ ᠰᠡᠭᠦᠯᠡᠷ ᠲᠦᠷᠦᠭ᠌ᠰᠡᠡ》 ᠡᠪ ᠬᠠᠮᠲᠤ ᠨᠠᠮ᠎ᠤᠨ ᠭᠡᠱᠢᠭᠦᠨ ᠰᠦᠢ ᠶᠠ ᠬᠤᠢ ᠲᠡᠷᠡ ᠳᠠᠷᠤᠢ᠎ᠳᠤᠨᠢ ᠰᠢᠨ ᠱᠢ ᠵᠢᠢ ᠨᠡᠢᠭᠡᠮ ᠲᠣᠭᠣᠷᠢᠭ᠎ᠤᠨ ᠶᠦᠩ ᠵᠢᠶᠦ᠋ᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠢ᠌ᠨ ᠲᠤᠷᠠᠴᠤᠤᠯ᠎ᠤᠨ ᠦᠢᠯᠡᠴᠢᠯᠡᠭᠡᠨ᠎ᠦ ᠠᠩᠬᠢ᠎ᠳᠤ ᠣᠷᠤᠯᠴᠠᠪᠠ᠃ ᠡᠳᠦᠷ ᠪᠦᠷᠢ᠎ᠶ᠋ᠢᠨ ᠥᠷᠯᠥᠭᠡ ᠶ᠋ᠢᠨ6 ᠴᠠᠭ᠎ᠲᠤ᠂ ᠲᠡᠷᠡ ᠡᠮᠴᠢ ᠰᠤᠪᠢᠯᠠᠭ᠍ᠴᠢᠳ᠎ᠲᠠᠶ ᠬᠠᠮᠲᠤ ᠬᠡᠷ᠎ᠲᠦᠨᠢ ᠬᠦᠷᠴᠦ᠍ ᠲᠤᠰᠠᠭᠠᠷᠯᠠᠵᠤ ᠪᠠᠢᠭ᠎ᠠ ᠬᠥᠮᠦᠰ᠎ᠲᠦ ᠪᠥᠭᠡᠮ ᠬᠦᠴᠢᠯ᠎ᠦᠨ ᠥᠯᠢᠭᠡᠷ ᠶᠠᠩᠵᠤ ᠠᠪᠴᠤ᠌ ᠥᠭ᠌ᠴᠦ᠂ ᠡᠷᠦᠬᠡ᠎ᠳᠦ ᠣᠷᠣᠬᠤ ᠠᠵᠢᠯ᠎ᠢᠶᠠᠨ ᠰᠠᠶᠢᠬᠠᠨ ᠳᠠᠭᠤᠰᠭᠠᠭᠠᠳ᠂ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ᠎ᠠᠷᠠᠳ᠎ᠲᠤ ᠬᠠᠪᠰᠤᠷᠤᠨ ᠪᠥᠭᠡᠮ ᠬᠦᠴᠢᠯ᠎ᠦᠨ ᠥᠯᠢᠭᠡᠷ ᠶᠠᠩᠵᠤ ᠠᠪᠴᠤ᠌ ᠡᠬᠢᠯᠡᠪᠡ᠃᠎ᠲᠤᠬᠠᠢ᠎ᠶ᠋ᠢᠨ ᠲᠠᠯᠠᠪᠠᠢ᠎ᠳᠤ ᠡᠮᠬᠢ ᠳᠢᠭ᠌ᠯᠢᠮ᠎ᠢ ᠬᠠᠮᠠᠭᠠᠯᠠᠵᠤ᠂ ᠨᠠᠰᠤᠲᠠᠳ᠎ᠢ ᠬᠠᠪᠰᠤᠷᠤᠨ ᠡᠷᠡᠭᠦᠯ ᠮᠡᠨᠳᠦ᠍᠎ᠶ᠋ᠢᠨ ᠺᠣᠳ᠋᠎ᠢ ᠨᠢ ᠱᠢᠷᠪᠢᠵᠦ᠍ ᠥᠭ᠌ᠭᠦᠭ᠌ᠰᠡᠨ ᠴᠦ᠍ ᠲᠡᠷᠡ᠂ ᠠᠰᠠᠷ ᠠᠪᠠᠷᠢᠵᠤ ᠰᠠᠭᠤᠭᠠᠯᠢ ᠠᠷᠠᠳ᠎ᠲᠤ ᠠᠮᠢᠳᠤᠷᠠᠯ᠎ᠤᠨ ᠡᠳ᠋ ᠪᠣᠳᠠᠰ ᠬᠦᠷᠭᠡᠵᠦ᠍ ᠥᠭ᠌ᠭᠦᠭ᠌ᠰᠡᠨ ᠴᠦ᠍ ᠲᠡᠷᠡ᠂ ᠰᠦᠢ ᠶᠠ ᠬᠤᠢ ᠶᠡᠷᠦ᠍᠎ᠡᠴᠡ ᠭᠣᠮᠣᠳᠠᠯ ᠲᠣᠭᠠᠴᠢᠵᠤ ᠥᠩᠭᠡᠷᠡᠭ᠌ᠰᠡᠨ ᠦᠭᠡᠢ᠃

《ᠪᠢ ᠪᠣᠯ ᠨᠢᠭᠡᠨ ᠨᠠᠮ᠎ᠤᠨ ᠭᠡᠱᠢᠭᠦᠨ ᠮᠥᠨ᠂ ᠡᠨᠡ ᠬᠦ᠌ ᠵᠠᠩᠭᠢᠯᠠᠭ᠎ᠠ᠎ᠶ᠋ᠢᠨ ᠴᠠᠭ ᠮᠥᠴᠡ᠎ᠳᠦ ᠡᠮᠦᠨ᠎ᠡ ᠨᠢ ᠭᠠᠪᠰᠢᠭᠠᠢᠯᠠᠵᠤ᠂ ᠬᠣᠱᠢᠭᠤᠴᠢ ᠵᠢᠱ᠌ᠢᠶᠡᠴᠢ ᠦᠢᠯᠡᠳᠦᠯ᠎ᠢᠶᠡᠨ ᠰᠠᠢᠲᠤᠷ ᠪᠠᠳᠠᠷᠠᠭᠤᠯᠪᠡᠯ ᠵᠤᠬᠢᠨ᠎ᠠ》᠃ ᠰᠦᠢ ᠶᠠ ᠬᠤᠢ ᠢᠩᠭᠢᠵᠦ᠍ ᠬᠡᠯᠡᠭ᠌ᠰᠡᠨ ᠪᠥᠭᠡᠳ ᠢᠩᠭᠢᠵᠦ᠍ ᠬᠢᠭ᠌ᠰᠡᠨ ᠶᠤᠮ᠃

ᠨᠢᠭᠡ ᠨᠠᠮ᠎ᠤᠨ ᠭᠡᠱᠢᠭᠦᠨ ᠪᠣᠯ ᠲᠠᠷᠤᠢ ᠨᠢᠭᠡ ᠲᠤᠭ ᠮᠥᠨ᠃ ᠬᠢᠵᠢᠭ ᠎ᠤᠨ ᠪᠠᠢᠳᠠᠯ ᠭᠠᠷᠤᠭ᠍ᠰᠠᠨ᠎ᠡᠴᠡ ᠨᠠᠭᠠᠰᠢ᠂ ᠰᠢᠨ ᠱᠢ ᠵᠢᠢ ᠨᠡᠢᠭᠡᠮ ᠲᠣᠭᠣᠷᠢᠭ᠎ᠤᠨ ᠮᠠᠰᠢ ᠤᠯᠠᠨ ᠨᠠᠮ᠎ᠤᠨ ᠭᠡᠱᠢᠭᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠪᠡᠷ ᠭᠣᠣᠯ ᠲᠠᠢ᠌ᠨ᠎ᠦ ᠲᠠᠯᠠᠪᠤᠷ ᠪᠣᠯᠭᠠᠵᠤ᠂ ᠦᠨᠡᠨ ᠪᠣᠳᠠᠲᠠᠢ ᠠᠵᠢᠯᠯᠠᠵᠦ᠂ ᠤᠯᠠᠨ ᠲᠦᠮᠡᠨ᠎ᠳᠦ ᠨᠠᠮ᠎ᠤᠨ ᠲᠤᠭ ᠨᠠᠮᠢᠷᠠᠭ᠍ᠰᠠᠨ ᠭᠠᠵᠠᠷ ᠲᠤ᠌ ᠯᠠᠪᠳᠠᠢ ᠬᠦᠴᠦᠨ ᠴᠢᠳᠠᠯ ᠪᠠ ᠬᠦᠰᠡᠯ ᠡᠷᠡᠮᠡᠯᠵᠡᠯ ᠪᠠᠢᠨ᠎ᠠ ᠭᠡᠳᠡᠭ᠎ᠢ ᠦᠵᠡᠬᠦᠯᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面