2021-12-16 10:31:23
12 ᠰᠠᠷ᠎ᠠ᠎ᠶ᠋ᠢᠨ 23 ᠤ᠋ ᠡᠳᠦᠷ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠬ᠍ᠴᠢ ᠡᠯᠰᠡᠬᠦ᠌ ᠤᠷᠠᠯᠢᠭ᠎ᠤᠨ ᠲᠦᠷᠦᠯ᠎ᠦᠨ ᠲᠤᠰᠭᠠᠢ ᠮᠡᠷᠭᠡᠵᠢᠯ᠎ᠦᠨ ᠨᠢᠭᠡᠳᠦᠯᠲᠡᠢ ᠱᠢᠯᠭᠠᠯᠲᠠ ᠮᠠᠨᠵᠤᠤᠷ ᠬᠤᠳᠠ ᠳ᠋ᠦ ᠶᠠᠪᠤᠬᠳᠠᠨ᠂ 12 ᠰᠠᠷ᠎ᠠ᠎ᠶ᠋ᠢᠨ 25᠎ᠤ᠋ ᠡᠳᠦᠷ 2022 ᠣᠨ᠎ᠤ ᠪᠦᠬᠦ᠌ ᠤᠯᠤᠰ᠎ᠤᠨ ᠠᠰᠫᠢᠷᠠᠨᠲ ᠡᠯᠰᠡᠬᠦ᠌ ᠱᠢᠯᠭᠠᠯᠲᠠ ᠤᠷᠢᠳ ᠬᠣᠵᠢᠳ ᠮᠠᠨᠵᠤᠤᠷ ᠬᠤᠳᠠ᠎ᠳᠤ ᠡᠬᠢᠯᠡᠨ᠎ᠡ᠂ ᠮᠠᠨᠵᠤᠤᠷ ᠬᠤᠳᠠ᠎ᠶ᠋ᠢᠨ ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠵᠦ᠍ ᠱᠢᠯᠭᠠᠭᠤᠯᠤᠭ᠍ᠰᠠᠳ᠎ᠤᠨ ᠡᠷᠡᠭᠦᠯ ᠮᠡᠨᠳᠤ ᠠᠮᠤᠷ ᠲᠦᠪᠱᠢᠨ ᠵᠢᠡᠷ ᠱᠢᠯᠭᠠᠭᠤᠯᠬᠤ᠎ᠶ᠋ᠢ ᠦᠨᠡᠨ ᠬᠦ᠌ ᠪᠠᠲᠤᠯᠠᠬᠤ ᠪᠣᠯᠤᠨ᠎ᠠ᠃
ᠮᠠᠨᠵᠤᠤᠷ ᠬᠣᠲᠠ᠎ᠶ᠋ᠢᠨ ᠨᠡᠢᠲᠡ 695 ᠱᠢᠯᠭᠠᠭᠤᠯᠤᠭ᠍ᠴᠢ 2022 ᠣᠨ᠎ᠤ ᠪᠥᠬᠥ᠌ ᠤᠯᠤᠰ᠎ᠤᠨ ᠠᠰᠫᠢᠷᠠᠨᠲ ᠡᠯᠰᠡᠬᠦ᠌ ᠱᠢᠯᠭᠠᠯᠲᠠ᠎ᠳᠤ ᠣᠷᠣᠯᠴᠠᠨ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠢ ᠦᠨᠳᠦᠰᠦᠯᠡᠨ᠂ ᠮᠠᠨᠵᠤᠤᠷ ᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠳᠤ 37 ᠱᠢᠯᠭᠠᠯᠲᠠ᠎ᠶ᠋ᠢᠨ ᠲᠠᠯᠠᠪᠠᠶ ᠲᠣᠬᠢᠷᠠᠭᠤᠯᠵᠤ᠂ ᠥᠪᠥᠷ ᠮᠣᠩᠭᠣᠯ ᠤᠨ ᠶᠡᠬᠡ ᠰᠤᠷᠭᠠᠭᠤᠯᠢ ᠵᠢᠨ ᠮᠠᠨᠵᠤᠤᠷ᠎ᠤᠨ ᠳᠡᠭᠡᠳᠦ ᠰᠤᠷᠭᠠᠭᠤᠯᠢ᠎ᠳᠤ 12 ᠱᠢᠯᠭᠠᠯᠲᠠ᠎ᠶ᠋ᠢᠨ ᠲᠠᠯᠠᠪᠠᠶ ᠲᠣᠬᠢᠷᠠᠭᠤᠯᠵᠤ᠂ ᠮᠠᠨᠵᠤᠤᠷ ᠬᠣᠲᠠ᠎ᠶ᠋ᠢᠨ ᠲᠠᠪᠤᠳᠤᠭᠠᠷ ᠳᠤᠮᠳᠠᠳᠤ ᠰᠤᠷᠭᠠᠭᠤᠯᠢ᠎ᠶ᠋ᠢ ᠪᠡᠯᠡᠳᠭᠡᠯ ᠱᠢᠯᠭᠠᠯᠲᠠ᠎ᠶ᠋ᠢᠨ ᠴᠡᠭ ᠪᠣᠯᠭᠠᠪᠠ᠃ 2022 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠷᠠᠯᠢᠭ᠎ᠤᠨ ᠲᠥᠷᠥᠯ᠎ᠦᠨ ᠲᠤᠰᠭᠠᠶ ᠮᠡᠷᠭᠡᠵᠢᠯ᠎ᠦᠨ ᠨᠢᠭᠡᠳᠦᠯᠲᠡᠶ ᠱᠢᠯᠭᠠᠯᠲᠠ ᠳ᠋ᠦ ᠮᠠᠨᠵᠤᠤᠷ ᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠳᠤ 6 ᠱᠢᠯᠭᠠᠯᠲᠠ᠎ᠶ᠋ᠢᠨ ᠲᠠᠯᠠᠪᠠᠶ᠂ 2 ᠪᠡᠯᠡᠳᠭᠡᠯ ᠱᠢᠯᠭᠠᠯᠲᠠ᠎ᠶ᠋ᠢᠨ ᠲᠠᠯᠠᠪᠠᠶ᠂ 3 ᠲᠤᠰᠠᠭᠠᠷᠯᠠᠬᠤ ᠱᠢᠯᠭᠠᠯᠲᠠ᠎ᠶ᠋ᠢᠨ ᠲᠠᠯᠠᠪᠠᠶ ᠲᠤᠬᠢᠷᠠᠭᠤᠯᠪᠠ᠃
ᠮᠠᠨᠵᠤᠤᠷ ᠬᠣᠲᠠ᠎ᠶ᠋ᠢᠨ ᠲᠠᠪᠤᠳᠤᠭᠠᠷ ᠳᠤᠮᠳᠠᠳᠤ ᠰᠤᠷᠭᠠᠭᠤᠯᠢ᠎ᠳᠤ᠂ ᠱᠢᠯᠭᠠᠯᠲᠠ᠎ᠶ᠋ᠢᠨ ᠴᠡᠭ᠎ᠲᠦ ᠢᠯᠡ ᠲᠣᠳᠣ ᠵᠠᠮ ᠱᠤᠭᠤᠮ᠎ᠤᠨ ᠵᠠᠮᠴᠢ ᠵᠢᠷᠤᠭ ᠲᠣᠬᠢᠷᠠᠭᠤᠯᠵᠤ᠂ ᠱᠢᠯᠭᠠᠭᠤᠯᠤᠭᠰᠡᠳ ᠤᠨ ᠱᠢᠯᠭᠠᠯᠲᠠ᠎ᠶ᠋ᠢᠨ ᠲᠠᠯᠠᠪᠤᠷ᠎ᠲᠤ ᠲᠦᠷᠭᠡᠨ ᠬᠥᠷᠬᠥ᠌᠂ ᠱᠢᠯᠭᠠᠯᠲᠠ᠎ᠶ᠋ᠢᠨ ᠪᠥᠬᠥ᠌ ᠶᠠᠪᠤᠴᠠ᠎ᠳᠤ ᠱᠢᠯᠭᠠᠭᠤᠯᠤᠭ᠍ᠰᠡᠳ ᠵᠢᠴᠢ ᠠᠵᠢᠯᠲᠠᠳ᠎ᠲᠤ ᠪᠢᠲᠡᠭᠦᠮᠵᠢᠯᠡᠭ᠌ᠰᠡᠨ ᠬᠠᠮᠢᠶᠠᠷᠤᠯᠲᠠ ᠬᠢᠬᠦ᠌᠎ᠳᠦ ᠲᠥᠬᠥᠮ ᠦᠵᠡᠭᠦᠯᠦᠨ᠎ᠡ᠃
ᠮᠠᠨᠵᠤᠤᠷ ᠬᠣᠲᠠ᠎ᠶ᠋ᠢᠨ ᠲᠠᠪᠤᠳᠤᠭᠠᠷ ᠳᠤᠮᠳᠠᠳᠤ ᠰᠤᠷᠭᠠᠭᠤᠯᠢ᠎ᠶ᠋ᠢᠨ ᠨᠠᠮ᠎ᠤᠨ ᠡᠭᠦᠷ᠎ᠦᠨ ᠱᠦᠵᠢ᠂ ᠰᠤᠷᠭᠠᠭᠤᠯᠢ᠎ᠶ᠋ᠢᠨ ᠵᠠᠬᠢᠷᠤᠯ ᠱᠢᠤᠢ ᠱᠢᠤ ᠯᠢ᠂ ᠲᠤᠰᠠᠭᠠᠷᠯᠠᠬᠤ ᠱᠢᠯᠭᠠᠯᠲᠠ᠎ᠶ᠋ᠢᠨ ᠲᠠᠯᠠᠪᠠᠶ᠎ᠳᠤ ᠨᠢᠭᠡ ᠰᠢᠯᠭᠠᠭᠤᠯᠤᠬᠴᠢ ᠨᠢᠭᠡ ᠰᠢᠯᠭᠠᠯᠳᠠ ᠵᠢᠨ ᠲᠠᠯᠠᠪᠠᠢ ᠳ᠋ᠤ ᠨᠢᠭᠡ ᠱᠢᠷᠡᠭᠡ ᠨᠢᠭᠡ ᠰᠠᠨᠳᠠᠯᠢ ᠬᠡᠷᠡᠭ᠌ᠯᠡᠬᠦ᠌᠎ᠶ᠋ᠢ ᠬᠡᠷᠡᠭ᠌ᠵᠢᠭᠦᠯᠵᠦ᠍᠂ ᠱᠢᠯᠭᠠᠯᠲᠠ᠎ᠶ᠋ᠢᠨ ᠲᠠᠯᠠᠪᠠᠶ᠎ᠳᠤ ᠣᠷᠣᠵᠤ ᠭᠠᠷᠬᠤ ᠳᠤ ᠲᠤᠰᠭᠠᠶ ᠲᠤᠰᠠᠭᠠᠷᠯᠠᠬᠤ ᠵᠠᠮ᠎ᠢᠶᠠᠷ ᠶᠠᠪᠤᠵᠤ᠂ ᠱᠢᠯᠭᠠᠭᠤᠯᠤᠭᠰᠡᠳᠤᠨ ᠬᠣᠭᠣᠷᠣᠨᠳᠣ᠎ᠪᠠᠨ ᠣᠢᠷᠠᠳᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠱᠢᠯᠭᠠᠯᠲᠠ ᠬᠢᠨᠠᠬᠴᠢ ᠪᠠᠭ᠍ᠰᠢ ᠪᠣᠯ ᠬᠠᠮᠢᠶᠠᠷᠤᠨ ᠡᠵᠡᠮᠳᠡᠬᠦ᠌ ᠣᠷᠣᠨ᠎ᠤ ᠨᠢᠭ᠍ᠲᠠ ᠤᠢᠷᠠᠳᠤᠬᠴᠢ᠂ ᠨᠢᠭ᠍ᠲᠠ ᠤᠢᠷᠠᠳᠤᠬᠴᠢ ᠲᠠᠢ ᠤᠢᠷᠠᠳᠤᠬᠴᠢ ᠪᠢᠰᠢ ᠪᠥᠭᠡᠳ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠮᠡᠳᠡᠭᠦᠯᠦᠯᠲᠡ ᠨᠢ ᠪᠢᠯᠢᠭ ᠴᠢᠨᠠᠷ ᠢᠯᠡᠷᠡᠭᠰᠡᠨ ᠪᠠᠢᠬᠤ ᠭᠡᠷᠡᠭᠲᠡᠢ ᠭᠡᠵᠤ ᠬᠡᠯᠡᠪᠡ᠃
ᠣᠢᠯᠠᠭᠠᠭ᠍ᠰᠠᠨ᠎ᠢᠶᠠᠷ᠂ ᠱᠢᠯᠭᠠᠭᠤᠯᠤᠭ᠍ᠴᠢ ᠨᠢᠭᠡ ᠪᠦᠷᠢ᠎ᠶ᠋ᠢᠨ ᠠᠮᠤᠷ ᠲᠦᠪᠱᠢᠨ ᠡᠷᠡᠭᠦᠯ ᠮᠡᠨᠳᠦ᠍᠎ᠪᠡᠷ ᠱᠢᠯᠭᠠᠭᠤᠯᠬᠤ ᠵᠢ ᠪᠠᠲᠤᠯᠠᠬᠤ᠎ᠶ᠋ᠢᠨ ᠲᠥᠯᠥᠭᠡ᠂ ᠲᠥᠷᠥᠯ ᠪᠦᠷᠢ᠎ᠶ᠋ᠢᠨ ᠱᠢᠯᠭᠠᠯᠲᠠ ᠵᠢᠨ ᠡᠮᠦᠨ᠎ᠠ ᠪᠠ ᠬᠤᠢᠨ᠎ᠠ ᠲᠤᠰᠭᠠᠶ ᠮᠡᠷᠭᠡᠵᠢᠯ᠎ᠦᠨ ᠠᠷᠢᠭᠤᠳᠭᠠᠭ᠍ᠴᠢᠡᠴᠡ ᠱᠢᠯᠭᠠᠯᠲᠠ᠎ᠶ᠋ᠢᠨ ᠴᠡᠭ᠎ᠦᠨ ᠬᠤᠯᠪᠤᠬᠳᠠᠯ ᠪᠥᠬᠥᠶ ᠲᠠᠯᠠᠪᠤᠷ ᠵᠢᠴᠢ ᠡᠳ᠋ ᠪᠣᠳᠠᠰ᠎ᠢ ᠠᠷᠢᠭᠤᠳᠭᠠᠬᠤ᠎ᠶ᠋ᠢᠨ ᠬᠠᠮᠲᠤ ᠰᠠᠯᠬᠢ ᠨᠡᠪᠲᠡᠷᠡᠭᠦᠯᠦᠨ᠎ᠡ᠃ ᠡᠭᠦᠨ᠎ᠡᠴᠡ ᠭᠠᠳᠠᠨ᠎ᠠ᠂ ᠲᠤᠰᠠᠭᠠᠷᠯᠠᠬᠤ ᠱᠢᠯᠭᠠᠯᠲᠠ᠎ᠶ᠋ᠢᠨ ᠲᠠᠯᠠᠪᠠᠶ ᠳᠤ ᠬᠦᠷᠢᠨ᠎ᠦ ᠭᠠᠳᠠᠨᠠᠬᠢ ᠲᠤᠶᠠᠭ᠎ᠠ ᠪᠡᠷ ᠠᠷᠢᠭᠤᠳᠭᠠᠬᠤ ᠲᠤᠰᠭᠠᠶ ᠳ᠋ᠧᠩ ᠲᠠᠯᠪᠢᠵᠤ᠂ ᠪᠣᠶ ᠪᠥᠬᠥᠶ ᠱᠢᠯᠭᠠᠯᠲᠠ᠎ᠶ᠋ᠢᠨ ᠬᠠᠭᠤᠳᠠᠰᠤ ᠵᠡᠷᠭᠡ ᠬᠡᠷᠡᠭ᠌ᠰᠡᠯ᠎ᠢ ᠬᠦᠷᠢᠨ᠎ᠦ ᠭᠠᠳᠠᠨᠠᠬᠢ ᠲᠤᠶᠠᠭ᠎ᠠ ᠵᠡᠷᠭᠡ ᠵᠢ ᠭᠡᠷᠡᠭᠯᠡᠵᠤ ᠬᠠᠷᠢᠭᠤᠯᠲᠠ᠎ᠶ᠋ᠢᠨ ᠬᠠᠭᠤᠳᠠᠰᠤ᠎ᠶ᠋ᠢ ᠨᠥᠯᠥᠭᠡᠯᠡᠬᠦ᠌ ᠥᠬᠡᠶ ᠠᠷᠭ᠎ᠠ ᠮᠠᠶᠢᠭ᠎ᠢᠶᠠᠷ ᠠᠷᠢᠭᠤᠳᠭᠠᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃