2021-12-19 11:17:52
12 ᠰᠠᠷ᠎ᠠ᠎ᠶ᠋ᠢᠨ 17᠎ᠤ ᠦᠳᠡ᠎ᠶ᠋ᠢᠨ ᠬᠣᠢᠨ᠎ᠠ᠂ ᠮᠠᠨᠵᠤᠤᠷ ᠬᠣᠲᠠ ᠱᠢᠨ᠎ᠡ ᠲᠢᠲᠢᠮᠯᠢᠭ ᠠᠭᠤᠰᠭᠢᠨ ᠦᠷᠪᠢᠰᠦᠯ ᠦᠨ ᠬᠢᠵᠢᠭ ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠨ ᠨᠢᠭᠡᠳᠦᠭᠡᠷ ᠤᠳᠠᠭᠠᠨ᠎ᠤ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠲᠣᠰ ᠤᠳᠠᠭᠠᠨ ᠤ ᠬᠢᠵᠢᠭ᠎ᠦᠨ ᠪᠠᠢᠳᠠᠯ᠎ᠤᠨ ᠬᠠᠮᠤᠭ᠎ᠤᠨ ᠱᠢᠨ᠎ᠡ ᠪᠠᠢᠳᠠᠯ᠎ᠢ ᠲᠠᠨᠢᠯᠴᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠭ᠌ᠰᠡᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠭᠠᠵᠠᠷ᠎ᠤᠨ ᠳᠡᠳ᠋ ᠳᠠᠷᠤᠭ᠎ᠠ ᠭᠤᠤ ᠱᠸᠩ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠲᠣᠭ᠍ᠲᠠᠴᠠ᠎ᠶ᠋ᠢᠨ ᠶᠡᠷᠦᠩᠬᠡᠢᠯᠡᠭ᠌ᠰᠡᠨ ᠳᠤᠭᠤᠢᠯᠠᠩ᠎ᠤᠨ ᠲᠣᠭ᠍ᠲᠠᠭᠠᠭ᠍ᠰᠠᠨ《ᠬᠢᠵᠢᠭ᠎ᠦᠨ ᠪᠠᠢᠳᠠᠯ᠎ᠠᠴᠠ ᠪᠣᠯᠵᠣ ᠰᠠᠭᠠᠲᠠᠭ᠍ᠰᠠᠳᠢ ᠰᠡᠷᠭᠡᠢᠯᠡᠨ ᠡᠵᠡᠮᠳᠡᠬᠦ᠌ ᠬᠠᠮᠢᠶᠠᠷᠤᠯᠲᠠ᠎ᠶ᠋ᠢᠨ ᠠᠵᠢᠯ᠎ᠤᠨ ᠵᠦᠭ᠌ᠯᠡᠭᠦᠷ》᠎ᠤᠨ ᠱᠠᠭᠠᠷᠳᠠᠯᠭ᠎ᠠ ᠶ᠋ᠢ ᠦᠨᠳᠦᠰᠦᠯᠡᠪᠡᠯ᠂ ᠮᠠᠨᠵᠤᠤᠷ ᠬᠣᠲᠠ᠎ᠳᠤ ᠬᠣᠴᠣᠷᠤᠭ᠍ᠰᠠᠨ ᠭᠠᠳᠠᠷ ᠣᠷᠣᠨ᠎ᠤ ᠬᠥᠮᠦᠰ᠎ᠢ ᠮᠠᠨᠵᠤᠤᠷ ᠬᠣᠲᠠ᠎ᠶ᠋ᠢᠨ ᠬᠢᠵᠢᠭ᠎ᠦᠨ ᠪᠠᠢᠳᠠᠯ᠎ᠢ ᠬᠠᠮᠢᠶᠠᠷᠤᠨ ᠡᠵᠡᠮᠳᠡᠬᠦ᠌ ᠬᠡᠪᠴᠢᠶᠡᠨ᠎ᠳᠦ ᠨᠢᠭᠡᠳᠦᠯᠲᠡᠶ ᠪᠠᠬᠲᠠᠭᠠᠨᠠ᠃ ᠮᠠᠨᠵᠤᠤᠷ ᠬᠣᠲᠠ᠎ᠶ᠋ᠢᠨ ᠪᠢᠲᠡᠭᠦᠮᠵᠢᠯᠡᠨ ᠡᠵᠡᠮᠳᠡᠬᠦ᠌ ᠰᠠᠭᠤᠭᠠᠯᠢ ᠠᠷᠠᠳ᠎ᠤᠨ ᠲᠣᠭᠣᠷᠢᠭ᠂ ᠬᠠᠮᠢᠶᠠᠷᠤᠨ ᠡᠵᠡᠮᠳᠡᠬᠦ᠌ ᠰᠠᠭᠤᠭᠠᠯᠢ ᠠᠷᠠᠳ᠎ᠤᠨ ᠲᠣᠭᠣᠷᠢᠭ ᠲᠤ ᠬᠣᠴᠣᠷᠤᠭ᠍ᠰᠠᠨ ᠭᠠᠳᠠᠷ ᠣᠷᠣᠨ᠎ᠤ ᠬᠥᠮᠦᠰ ᠮᠠᠨᠵᠤᠤᠷ ᠬᠣᠲᠠ᠎ᠶ᠋ᠢᠨ ᠳᠣᠲᠣᠷᠠᠬᠢ ᠪᠢᠲᠡᠭᠦᠮᠵᠢᠯᠡᠨ ᠡᠵᠡᠮᠳᠡᠭᠰᠡᠨ᠂ ᠬᠠᠮᠢᠶᠠᠷᠤᠨ ᠡᠵᠡᠮᠳᠡᠭᠰᠡᠨ ᠰᠠᠭᠤᠭᠠᠯᠢ ᠠᠷᠠᠳ᠎ᠤᠨ ᠲᠣᠭᠣᠷᠢᠭ ᠤᠨ ᠪᠢᠲᠡᠭᠦᠮᠵᠢᠯᠡᠯ᠎ᠢ ᠲᠠᠢᠯᠬᠤ᠎ᠠᠴᠠ ᠡᠮᠦᠨ᠎ᠡ ᠶᠠᠪᠤᠵᠤ ᠪᠣᠯᠬᠤ ᠥᠬᠡᠶ ᠭᠡᠵᠦ ᠲᠠᠨᠢᠯᠴᠠᠭᠤᠯᠪᠠ᠃
ᠮᠠᠨᠵᠤᠤᠷ ᠬᠣᠲᠠ᠎ᠶ᠋ᠢᠨ ᠣᠷᠣᠨ ᠪᠦᠰᠡ᠎ᠶ᠋ᠢ ᠳᠤᠤᠷ᠎ᠠ ᠲᠦᠭ᠌ᠰᠢᠭᠦᠷᠢ᠎ᠲᠤ ᠣᠷᠣᠨ ᠪᠦᠰᠡ ᠪᠣᠯᠭᠠᠭ᠍ᠰᠠᠨ᠎ᠤ ᠳᠠᠷᠠᠭ᠎ᠠ᠂ ᠬᠤᠴᠤᠷᠤᠬᠰᠠᠨ ᠵᠢᠭᠤᠯᠴᠢᠯᠠᠭ᠍ᠰᠠᠳ ᠳᠤᠤᠷᠠᠬᠢ ᠨᠥᠬᠥᠴᠡᠯ᠎ᠳᠦ ᠨᠡᠢᠴᠡᠪᠡᠯ ᠳᠠᠷᠤᠢ ᠪᠤᠴᠠᠵᠤ ᠪᠣᠯᠤᠨ᠎ᠠ᠃
( ᠨᠢᠭᠡ ) ᠰᠠᠭᠤᠭ᠎ᠠ ᠭᠠᠵᠠᠷ ᠨᠢ ᠮᠠᠨᠵᠤᠤᠷ ᠬᠣᠲᠠ ᠶ᠋ᠢᠨ ᠳᠣᠲᠣᠷᠠᠬᠢ ᠪᠢᠲᠡᠭᠦᠮᠵᠢᠯᠡᠨ ᠡᠵᠡᠮᠳᠡᠭᠰᠡᠨ᠂ ᠬᠠᠮᠢᠶᠠᠷᠤᠨ ᠡᠵᠡᠮᠳᠡᠭᠰᠡᠨ ᠰᠠᠭᠤᠭᠠᠯᠢ ᠠᠷᠠᠳ᠎ᠤᠨ ᠲᠣᠭᠣᠷᠢᠭ ᠪᠢᠰᠢ᠃
( ᠬᠣᠶᠠᠷ ) ᠡᠷᠬᠡᠪᠰᠢ 《ᠭᠡᠷ᠎ᠲᠡᠬᠡᠨ ᠰᠠᠭᠤᠬᠤ ᠮᠠᠶᠢᠭ》᠎ᠤᠨ ᠲᠤᠰᠠᠭᠠᠷᠯᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ ᠮᠥᠷᠲᠡᠭᠡᠨ ᠲᠤᠰᠠᠭᠠᠷᠯᠠᠬᠤ ᠬᠤᠭᠤᠴᠠᠭᠠᠨ᠎ᠳᠤ ᠲᠤᠳᠤᠯᠠᠬᠰᠠᠨ ᠡᠪᠡᠳᠴᠢᠨ᠎ᠦ ᠵᠢᠱ᠌ᠢᠶ᠎ᠡ᠂ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ᠂ ᠡᠪᠡᠳᠴᠢᠨ ᠦ ᠢᠯᠡᠷᠡᠯ ᠥᠬᠡᠶ ᠬᠠᠯᠳᠠᠪᠤᠷᠢᠯᠠᠭ᠍ᠳᠠᠬᠰᠠᠳ᠎ᠲᠠᠶ ᠣᠢᠷᠠᠲᠤᠭ᠍ᠰᠠᠨ ᠥᠬᠡᠶ ᠪᠥᠭᠡᠳ ᠬᠠᠯᠠᠭᠤᠷᠠᠬᠤ ᠂ ᠬᠠᠭᠤᠷᠠᠶ᠎ᠪᠠᠷ ᠬᠠᠨᠢᠶᠠᠯᠭᠠᠬᠤ᠂ ᠲᠠᠮᠢᠷᠳᠠᠬᠤ ᠵᠡᠷᠭᠡ ᠡᠪᠡᠳᠴᠢᠨ᠎ᠦ ᠢᠯᠡᠷᠡᠯ ᠥᠬᠡᠶ ᠪᠠᠢᠬᠤ ᠬᠡᠷᠡᠭ᠌ᠲᠡᠶ᠃
( ᠭᠤᠷᠪᠠ ) ᠡᠷᠬᠡᠪᠰᠢ ᠱᠠᠭᠠᠷᠳᠠᠯᠭ᠎ᠠ ᠶᠣᠰᠣᠭᠠᠷ ᠶᠡᠬᠡ ᠬᠡᠪᠴᠢᠶᠡᠨ᠎ᠦ ᠪᠥᠭᠡᠮ ᠬᠦᠴᠢᠯ ᠦᠨ ᠱᠢᠯᠭᠠᠨ ᠪᠠᠢᠴᠠᠭᠠᠯᠲᠠ᠎ᠳᠤ 7 ᠤᠳᠠᠭ᠎ᠠ ᠠᠴᠠ ᠳᠡᠭᠡᠭ᠌ᠰᠢ ᠣᠷᠣᠯᠴᠠᠭ᠍ᠰᠠᠨ ᠮᠥᠷᠲᠡᠭᠡᠨ ᠬᠠᠮᠤᠭ᠎ᠤᠨ ᠰᠡᠭᠦᠯᠴᠢ᠎ᠶ᠋ᠢᠨ ᠨᠢᠭᠡ ᠤᠳᠠᠭ᠎ᠠ᠎ᠶ᠋ᠢᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠶ᠋ᠢᠨ ᠴᠠᠭ᠎ᠨᠢ ᠪᠤᠴᠠᠬᠤ᠎ᠠᠴᠠ ᠡᠮᠦᠨᠡᠬᠢ 24 ᠴᠠᠭ᠎ᠤᠨ ᠲᠤᠳᠤᠷᠠᠬᠢ ᠪᠠᠢᠬᠤ ᠬᠡᠷᠡᠭᠲᠡᠢ᠃
(ᠳᠥᠷᠪᠡ) ᠡᠷᠬᠡᠪᠰᠢ ᠪᠤᠴᠠᠬᠤ ᠨᠢᠰᠭᠡᠯ (ᠲᠡᠷᠭᠡ)᠎ᠦᠨ ᠴᠠᠭᠠᠰᠤᠨ ᠪᠤᠶᠤ ᠡᠯᠧᠺᠲ᠋ᠷᠣᠨ ᠭᠡᠷᠡᠴᠢ᠎ᠶ᠋ᠢ ᠬᠠᠩᠭᠠᠵᠤ᠂ ᠥᠪᠡᠷ᠎ᠢᠶᠡᠨ ᠲᠡᠷᠭᠡ ᠵᠢᠯᠣᠭᠣᠳᠴᠤ᠌ ᠶᠠᠪᠤᠭ᠍ᠤ ᠬᠥᠮᠦᠰ ᠡᠷᠬᠡᠪᠰᠢ ᠲᠡᠷᠭᠡ ᠬᠥᠰᠭᠡ ᠶ᠋ᠢᠨ ᠬᠠᠮᠢᠶ᠎ᠠ ᠪᠥᠬᠥᠶ ᠭᠡᠷᠡᠴᠢ᠎ᠶ᠋ᠢ ᠬᠠᠩᠭᠠᠬᠤ ᠬᠡᠷᠡᠭ᠌ᠲᠡᠶ᠃
( ᠲᠠᠪᠤ ) ᠦᠯᠡᠳᠡᠵᠦ᠍ ᠬᠣᠴᠣᠷᠤᠭ᠍ᠰᠠᠨ ᠬᠥᠮᠦᠰ ᠪᠥᠭᠡᠮ ᠬᠦᠴᠢᠯ ᠦᠨ ᠪᠠᠢᠴᠠᠭᠠᠯᠲᠡ ᠶ᠋ᠢᠨ ᠮᠡᠳᠡᠭᠦᠯᠦᠯᠲᠡ ᠵᠢᠴᠢ ᠪᠢᠯᠸᠲ ᠪᠠᠷᠢᠮᠲᠠ ᠪᠡᠨ ᠬᠠᠩᠭᠠᠬᠤ᠎ᠳᠠᠭᠠᠨ ᠮᠡᠳᠡᠭᠡ ᠵᠠᠩᠭᠢ᠎ᠶ᠋ᠢᠨ ᠠᠭᠤᠯᠭ᠎ᠠ᠎ᠶ᠋ᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠴᠠᠭ ᠲᠤᠬᠠᠢᠴᠢ ᠴᠢᠨᠠᠷ᠎ᠲᠤ ᠬᠠᠷᠢᠭᠤᠴᠠᠵᠤ᠂ ᠮᠡᠳᠡᠭᠡ ᠵᠠᠩᠭᠢ᠎ᠶ᠋ᠢ ᠲᠠᠭ᠍ᠯᠠᠨ ᠮᠡᠳᠡᠭᠦᠯᠦᠭ᠌ᠰᠡᠨ᠎ᠨᠢ ᠦᠨᠡᠨ ᠪᠣᠳᠠᠲᠠᠶ ᠪᠤᠰᠤ ᠡᠴᠠ ᠪᠣᠯᠵᠣ ᠮᠠᠭᠤ ᠦᠷ᠎ᠡ ᠨᠦᠯᠦᠭᠡ ᠭᠠᠷᠭᠠᠭ᠍ᠰᠠᠨ ᠪᠠᠢᠪᠠᠯ᠂ ᠬᠠᠷᠢᠴᠠᠩᠭᠤᠢ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠡᠭᠦᠷᠭᠡᠯᠡᠨ᠎ᠡ᠃
(ᠵᠢᠷᠭᠤᠭ᠎ᠠ) ᠬᠤᠪᠢ ᠪᠠᠷ ᠢᠶᠠᠨ ᠲᠡᠷᠭᠡ ᠵᠢᠯᠣᠭᠣᠳᠴᠤ᠌ ᠬᠤᠴᠤᠷᠤᠬᠰᠠᠨ ᠵᠢᠭᠤᠯᠴᠢᠯᠠᠬᠰᠠᠳ ᠱᠠᠭᠠᠷᠳᠠᠯᠭ᠎ᠠ ᠶᠣᠰᠣᠭᠠᠷ ᠶᠡᠬᠡ ᠬᠡᠪᠴᠢᠶᠡᠨ᠎ᠦ ᠪᠥᠭᠡᠮ ᠬᠦᠴᠢᠯ᠎ᠦᠨ ᠪᠠᠢᠴᠠᠭᠠᠯᠲᠡ ᠳᠦ 7 ᠤᠳᠠᠭ᠎ᠠ ᠡᠴᠠ ᠳᠡᠭᠡᠭ᠌ᠰᠢ ᠣᠷᠣᠯᠴᠠᠭ᠍ᠰᠠᠨ ᠪᠥᠭᠡᠳ ᠬᠠᠮᠤᠭ᠎ᠤᠨ ᠰᠡᠭᠦᠯᠴᠢ᠎ᠶ᠋ᠢᠨ ᠨᠢᠭᠡ ᠤᠳᠠᠭ᠎ᠠ᠎ᠶ᠋ᠢᠨ ᠪᠥᠭᠡᠮ ᠬᠦᠴᠢᠯ᠎ᠦᠨ ᠪᠠᠢᠴᠠᠭᠠᠯᠲᠡ ᠬᠢᠭ᠌ᠰᠡᠨ ᠴᠠᠭ᠎ᠨᠢ ᠪᠤᠴᠠᠬᠤ᠎ᠠᠴᠠ ᠡᠮᠦᠨᠡᠬᠢ 24 ᠴᠠᠭ᠎ᠤᠨ ᠲᠤᠳᠤᠷ᠎ᠠ ᠪᠠᠢᠪᠠᠯ᠂ ᠦᠪᠡᠷ᠎ᠢᠶᠠᠨ ᠲᠡᠷᠭᠡ ᠵᠢᠯᠣᠭᠣᠳᠴᠤ᠌ ᠶᠠᠪᠤᠵᠤ ᠪᠣᠯᠤᠨ᠎ᠠ᠂ ᠲᠣᠭ᠍ᠲᠠᠭ᠍ᠰᠠᠨ ᠴᠠᠭ ᠬᠤᠭᠤᠴᠠᠭ᠎ᠠ ᠶᠣᠰᠣᠭᠠᠷ ᠵᠣᠷᠢᠭ᠍ᠰᠠᠨ ᠭᠠᠵᠠᠷ ᠲᠠᠭᠠᠨ ᠬᠥᠷᠬᠥ ᠡᠴᠡ ᠡᠮᠦᠨ᠎ᠡ ᠴᠢᠬᠤᠯᠠᠲᠠᠢ ᠪᠢᠰᠢ ᠪᠤᠯ ᠲᠡᠷᠭᠡ᠎ᠪᠡᠨ ᠵᠣᠭ᠍ᠰᠣᠭᠠᠵᠤ ᠪᠣᠯᠬᠤ ᠥᠬᠡᠶ᠂ ᠵᠣᠷᠢᠭ᠍ᠰᠠᠨ ᠭᠠᠵᠠᠷ᠎ᠲᠠᠭᠠᠨ ᠬᠦᠷᠦᠭ᠌ᠰᠡᠨ᠎ᠦ ᠳᠠᠷᠠᠭ᠎ᠠ ᠴᠠᠭ ᠲᠤᠬᠠᠶ᠎ᠳᠤᠨᠢ ᠬᠦᠷᠦᠭ᠌ᠰᠡᠨ ᠭᠠᠵᠠᠷ ᠲᠠᠭᠠᠨ ᠮᠡᠳᠡᠭᠦᠯᠵᠦ᠍ ᠳᠠᠩᠰᠠᠯᠠᠭᠤᠯᠬᠤ ᠬᠡᠷᠡᠭ᠌ᠲᠡᠶ᠃
ᠢᠷᠡᠯᠲᠡ᠄ ᠠᠷᠠᠳ᠎ᠤᠨ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃