2021-12-19 12:06:24
12 ᠰᠠᠷ᠎ᠠ᠎ᠶ᠋ᠢᠨ 17᠎ᠤ ᠡᠳᠦᠷ᠂ ᠰᠤᠷᠪᠤᠯᠵᠢᠯᠠᠭ᠍ᠴᠢ ᠮᠠᠨᠵᠤᠤᠷ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ 12 ᠰᠠᠷ᠎ᠠ᠎ᠶ᠋ᠢᠨ 8᠎ᠤ ᠡᠳᠦᠷ᠎ᠦᠨ ᠥᠷᠯᠥᠭᠡ᠎ᠶ᠋ᠢᠨ 8 ᠴᠠᠭ ᠬᠠᠭᠠᠰ᠎ᠲᠦ᠂《ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢ ᠨᠡᠢᠲᠡᠯᠡᠬᠦ᠌ ᠲᠤᠬᠠᠶ ᠮᠡᠳᠡᠭ᠌ᠳᠡᠯ》᠎ᠢ ᠡᠯ᠎ᠡ ᠵᠠᠭᠤᠴᠢᠯᠠᠭᠤᠷ᠎ᠲᠤ ᠨᠡᠢᠲᠡᠯᠡᠵᠦ᠍᠂ ᠬᠠᠯᠠᠮᠱᠢᠯ ᠤᠲᠠᠰᠤᠨ᠎ᠤ ᠦᠶ᠋ᠯᠡᠴᠢᠯᠡᠭᠡᠨ᠎ᠦ ᠠᠵᠢᠯ᠎ᠢ ᠵᠢᠩᠬᠢᠨᠢ᠎ᠪᠡᠷ ᠡᠬᠢᠯᠡᠭᠦᠯᠦᠭ᠌ᠰᠡᠨ᠎ᠡᠴᠡ ᠨᠠᠭᠠᠰᠢ᠂ 12 ᠰᠠᠷ᠎ᠠ᠎ᠶ᠋ᠢᠨ 17 ᠤ ᠡᠳᠦᠷ᠎ᠦᠨ 12 ᠴᠠᠭ ᠪᠣᠯᠲᠠᠯ᠎ᠠ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ 24 ᠴᠠᠭ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ ᠨᠡᠢᠲᠡ 1086 ᠮᠡᠳᠡᠭᠡ ᠵᠠᠡᠭᠬᠢ ᠵᠢ ᠳᠡᠩᠰᠡᠯᠡᠵᠦ᠍᠂ ᠪᠦᠲᠦᠮᠵᠢᠲᠡᠶ 765 ᠠᠰᠠᠭᠤᠳᠠᠯ᠎ᠢ ᠰᠤᠳᠤᠯᠤᠨ ᠮᠠᠭᠠᠳᠯᠠᠵᠤ ᠨᠤᠲᠠᠯᠠᠵᠠᠶ᠃ 765 ᠠᠰᠠᠭᠤᠳᠠᠯ᠎ᠢ ᠳᠠᠷᠤᠢᠬᠠᠨ ᠱᠢᠯᠵᠢᠭᠦᠯᠦᠨ ᠱᠢᠶ᠋ᠳᠪᠦᠷᠢᠯᠡᠵᠦ᠍᠂ ᠱᠢᠯᠵᠢᠭᠦᠯᠦᠨ ᠱᠢᠶ᠋ᠳᠪᠦᠷᠢᠯᠡᠭ᠌ᠰᠡᠨ ᠨᠣᠷᠮ᠎ᠠ 100% ᠳ᠋ᠤ ᠬᠥᠷᠪᠡ᠃ 17᠎ᠤ ᠡᠳᠦᠷ᠎ᠦᠨ ᠦᠳᠡ᠎ᠶ᠋ᠢᠨ 12 ᠴᠠᠭ ᠪᠣᠯᠲᠠᠯ᠎ᠠ ᠨᠢᠭᠡᠨᠳᠡ 623 ᠠᠰᠠᠭᠤᠳᠠᠯ᠎ᠢ ᠱᠢᠶ᠋ᠳᠪᠦᠷᠢᠯᠡᠵᠦ᠍ ᠳᠠᠭᠤᠰᠭᠠᠭ᠍ᠰᠠᠨ ᠪᠥᠭᠡᠳ ᠬᠠᠷᠢᠭᠤ ᠲᠤᠰᠭᠠᠵᠤ᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ 81.43% ᠳ᠋ᠤ ᠬᠦᠷᠴᠡᠶ᠃
ᠬᠠᠯᠠᠮᠱᠢᠯ ᠤᠲᠠᠰᠤ ᠴᠠᠭ ᠲᠤᠬᠠᠶ᠎ᠳᠤᠨᠢ ᠨᠡᠪᠲᠡᠷᠡᠭᠰᠡᠨ ᠨᠢ ᠥᠷᠭᠡᠨ ᠣᠯᠠᠨ ᠬᠣᠲᠠ᠎ᠶ᠋ᠢᠨ ᠠᠷᠠᠳ᠎ᠤᠨ ᠬᠦᠰᠡᠯ ᠱᠠᠭᠠᠷᠳᠠᠯᠭ᠎ᠠ᠎ᠶ᠋ᠢ ᠪᠦᠲᠦᠮᠵᠢᠲᠡᠶ ᠲᠤᠰᠬᠠᠵᠤ᠂ ᠡᠯ᠎ᠡ ᠲᠠᠯ᠎ᠠ᠎ᠶ᠋ᠢᠨ ᠬᠢᠵᠢᠭ᠎ᠲᠡᠶ ᠲᠡᠮᠡᠴᠡᠬᠦ᠌ ᠬᠡᠷᠡᠭ᠌ᠴᠡᠭᠡ ᠱᠠᠭᠠᠷᠳᠠᠯᠭ᠎ᠠ᠎ᠳᠤ ᠢᠳᠡᠪᠬᠢᠲᠡᠶ ᠬᠠᠷᠢᠭᠤᠯᠲᠠ ᠥᠭ᠌ᠴᠦ᠂ ᠦᠷᠭᠡᠨ ᠣᠯᠠᠨ ᠬᠣᠲᠠ᠎ᠶ᠋ᠢᠨ ᠠᠷᠠᠳ᠎ᠤᠨ ᠬᠢᠵᠢᠭ᠎ᠲᠡᠶ ᠲᠡᠮᠡᠴᠡᠬᠦ᠌ ᠶᠠᠪᠤᠴᠠ᠎ᠳᠤ ᠪᠦᠷᠢᠯᠳᠦᠭ᠌ᠰᠡᠨ ᠪᠠᠴᠢᠮ᠂ ᠬᠦᠴᠢᠷ᠂ ᠵᠣᠪᠠᠨᠢᠯ᠂ ᠬᠦᠰᠡᠯ ᠡᠷᠡᠮᠡᠯᠵᠡᠯ᠎ᠢ ᠲᠦᠷᠭᠡᠨ ᠪᠥᠭᠡᠳ ᠥᠨᠳᠥᠷ ᠪᠦᠲᠦᠮᠵᠢᠲᠡᠶ᠎ᠪᠡᠷ ᠱᠢᠶ᠋ᠳᠪᠦᠷᠢᠯᠡᠵᠦ᠍᠂ ᠣᠯᠠᠨ ᠲᠦᠮᠡᠨ ᠤᠨᠴᠠᠭᠠᠢᠯᠠᠨ ᠲᠤᠰᠠᠭᠠᠷᠯᠠᠭ᠍ᠳᠠᠭ᠍ᠰᠠᠨ᠂ ᠪᠢᠲᠡᠭᠦᠮᠵᠢᠯᠡᠭ᠌ᠳᠡᠭ᠌ᠰᠡᠨ ᠬᠦᠮᠦᠰ ᠪᠣᠯᠤᠨ ᠵᠢᠯᠣᠭᠣᠳᠭᠤ ᠭᠠᠵᠠᠷ᠎ᠤᠨ ᠡᠯ᠎ᠡ ᠲᠤᠰᠭᠠᠶ ᠠᠵᠢᠯ᠎ᠤᠨ ᠳᠤᠭᠤᠢᠯᠠᠩ᠎ᠤᠨ ᠦᠶ᠋ᠯᠡᠴᠢᠯᠡᠭᠡ ᠪᠠᠲᠤᠯᠠᠭ᠎ᠠ᠎ᠶ᠋ᠢᠨ ᠬᠥᠮᠦᠰ᠎ᠦᠨ ᠬᠤᠭᠤᠷᠤᠨᠳᠤᠬᠢ ᠰᠡᠳᠭᠢᠯ᠎ᠦᠨ ᠬᠥᠭᠥᠷᠭᠡ ᠪᠣᠯᠵᠣ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢᠨ ᠡᠮᠬᠢ ᠵᠢᠷᠤᠮ᠎ᠲᠠᠶ ᠶᠠᠪᠤᠭᠳᠠᠬᠤ ᠳ᠋ᠦ ᠪᠠᠳᠤᠯᠠᠭ᠎ᠠ ᠬᠠᠡᠭᠭᠠᠪᠠ᠃
ᠣᠳᠣᠬᠠᠨ᠎ᠳᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠭᠣᠣᠯᠳᠠᠯᠭ᠎ᠠ ᠨᠢᠭᠡᠨᠲᠡ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌᠎ᠡᠴᠡ ᠰᠡᠷᠭᠡᠢᠯᠡᠨ ᠡᠵᠡᠮᠳᠡᠬᠦ᠌᠂ ᠨᠠᠷᠢᠯᠢᠭ ᠬᠠᠮᠢᠶᠠᠷᠬᠤ ᠲᠡᠢᠰᠢ ᠱᠢᠯᠵᠢᠪᠡ᠃ ᠬᠠᠯᠠᠮᠱᠢᠯ ᠤᠲᠠᠰᠤ᠎ᠶ᠋ᠢᠨ ᠬᠦᠯᠢᠶᠡᠨ ᠠᠪᠬᠤ ᠲᠣᠭ᠎ᠠ ᠬᠡᠮᠵᠢᠶ᠎ᠡ ᠴᠦ᠍ ᠪᠠᠭᠤᠷᠠᠵᠤ᠂ ᠬᠡᠷᠡᠭ᠌ᠴᠡᠭᠡ ᠴᠦ᠍ ᠱᠢᠨ᠎ᠡ ᠬᠤᠪᠢᠷᠠᠯᠲᠠ᠎ᠲᠠᠶ ᠪᠣᠯᠪᠠ᠂ ᠭᠣᠣᠯᠳᠠᠭᠤ ᠲᠦᠷᠦ᠍᠎ᠶ᠋ᠢᠨ ᠪᠤᠳᠤᠯᠭ᠎ᠠ᠎ᠶ᠋ᠢᠨ ᠯᠠᠪᠯᠠᠭ᠎ᠠ᠂ ᠨᠡᠢᠭᠡᠮ᠎ᠦᠨ ᠬᠠᠮᠢᠶᠠᠷᠤᠯᠲᠠ ᠪᠣᠯᠤᠨ ᠰᠡᠳᠭᠢᠯ ᠰᠠᠨᠠᠭᠠᠨ᠎ᠤ ᠵᠣᠪᠠᠨᠢᠯ᠎ᠢᠶᠠᠨ ᠲᠠᠢᠳᠬᠤᠷᠠᠭᠤᠯᠬᠤ ᠵᠡᠷᠭᠡ ᠲᠠᠯ᠎ᠠ᠎ᠳᠤ ᠲᠥᠪᠯᠡᠷᠡᠵᠦ᠍ ᠪᠤᠢ᠃
ᠢᠷᠡᠯᠳᠡ᠄ ᠲᠠᠯ᠎ᠠ ᠨᠤᠳᠤᠭ ᠰᠢᠯᠵᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃