ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-20 10:37:47

ᠵᠣᠬᠢᠶᠠᠭ᠍ᠴᠢ᠄ ᠯᠢ ᠢᠦᠢ ᠵᠦᠸᠸ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 17 ᠤ᠋ ᠤᠷᠤᠢ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠮᠠᠨᠵᠤᠤᠷ ᠬᠤᠳᠠ᠎ᠶ᠋ᠢᠨ ᠲᠤᠬᠠᠢ᠎ᠶ᠋ᠢᠨ ᠲᠠᠯᠠᠪᠠᠢ᠎ᠳᠦ ᠱᠢᠢᠳᠪᠦᠷᠢᠯᠡᠬᠦ᠌ ᠠᠵᠢᠯ᠎ᠤᠨ ᠲᠤᠰᠭᠠᠢ ᠠᠩᠬᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠤᠬᠢᠷᠠᠭᠤᠯᠤᠯᠳᠠ᠎ᠶ᠋ᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠬᠥᠯᠥᠨ ᠪᠣᠢᠷ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠢᠦᠶ ᠯᠢ ᠱᠢᠨ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠮᠠᠨᠵᠤᠤᠷ ᠬᠣᠲᠠ᠎ᠶ᠋ᠢᠨ ᠲᠤᠬᠠᠶ᠎ᠶ᠋ᠢᠨ ᠲᠠᠯᠠᠪᠠᠶ᠎ᠳᠦ ᠱᠢᠶ᠋ᠳᠪᠦᠷᠢᠯᠡᠬᠦ᠌ ᠠᠵᠢᠯ᠎ᠤᠨ ᠲᠤᠰᠭᠠᠶ ᠠᠩᠭᠢ᠎ᠶ᠋ᠢᠨ ᠵᠢᠯᠣᠭᠣᠳᠭᠤ ᠳᠠᠷᠤᠭ᠎ᠠ ᠡᠸᠤ ᠶᠠᠩ ᠱᠢᠶᠤᠤ ᠬᠣᠶ ᠬᠤᠷᠠᠯ᠎ᠢ ᠡᠷᠭᠢᠯᠡᠪᠡ᠃

ᠬᠤᠷᠠᠯ᠎ᠠᠴᠠ᠂ ᠣᠳᠣᠬᠠᠨ᠎ᠳᠤ ᠮᠠᠨᠵᠤᠤᠷ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠰᠡᠭᠦᠯ ᠬᠤᠷᠢᠶᠠᠵᠤ ᠬᠠᠯᠳᠠᠪᠤᠷᠢᠯᠠᠬᠰᠠᠳ᠎ᠦᠯᠦ ᠪᠠᠢᠬᠤ ᠱᠢᠶ᠋ᠳᠪᠦᠷᠢᠲᠦ ᠳᠠᠢᠯᠠᠯᠳᠤᠭᠠᠨ᠎ᠤ ᠰᠢᠶ᠋ᠳᠪᠦᠷᠢᠲᠦ ᠢᠯᠠᠯᠲᠠ ᠤᠯᠬᠤ ᠱᠠᠲᠤᠨ᠎ᠳᠤ ᠣᠷᠣᠪᠠ᠂ ᠶᠡᠷᠦᠩᠬᠡᠶ ᠱᠦᠵᠢ ᠰᠢ ᠵᠢᠨ ᠫᠢᠩ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠮᠠᠭ᠍ᠲᠠ ᠬᠢᠴᠢᠶᠡᠩᠭᠦᠢ ᠪᠣᠯᠭᠣᠮᠵᠢᠲᠠᠶ ᠪᠠᠢᠬᠤ᠎ᠶ᠋ᠢ ᠪᠠᠷᠢᠮᠲᠠᠯᠠᠵᠤ᠂ ᠲᠡᠢᠨ᠎ᠦ ᠦᠶ᠎ᠡ᠎ᠶ᠋ᠢᠨ ᠪᠠᠢᠳᠠᠯ᠂ ᠪᠣᠭᠣᠮᠲᠠ ᠱᠢᠪᠲᠤᠯᠬᠤ ᠪᠠᠢᠳᠠᠯ᠎ᠢ ᠪᠠᠲᠤᠯᠠᠵᠤ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠴᠢᠨᠠᠭ᠍ᠰᠢᠳᠠ ᠪᠣᠳᠠᠲᠠᠢᠵᠢᠭᠤᠯᠵᠤ᠂ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠢᠮᠪᠠᠶ ᠰᠠᠢᠲᠤᠷ ᠨᠠᠢᠳᠠᠪᠤᠷᠢᠵᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠂ ᠰᠥᠨᠥᠭᠡᠯᠲᠡ ᠵᠢᠨ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃

ᠬᠤᠷᠠᠯ᠎ᠠᠴᠠ᠂ ᠬᠣᠷᠢᠭ᠎ᠠ ᠱᠤᠭᠤᠮ᠎ᠤᠨ ᠰᠡᠳᠭᠢᠬᠦᠶ ᠪᠣᠯᠤᠨ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠲᠤ ᠪᠣᠶ ᠪᠣᠯᠭᠠᠵᠤ᠂ ᠨᠢᠭᠡ᠎ᠡᠴᠡ ᠨᠥᠭᠥᠭᠡ᠎ᠶ᠋ᠢ ᠵᠦᠶ᠋ᠴᠢᠯᠡᠨ ᠮᠡᠳᠡᠵᠦ᠍᠂ ᠠᠯᠳᠠᠭᠳᠠᠯ ᠭᠠᠷᠬᠤ᠎ᠶ᠋ᠢ ᠬᠣᠷᠢᠭ᠍ᠯᠠᠵᠤ᠂ ᠬᠡᠮ ᠰᠣᠭᠣᠭ᠎ᠢ ᠠᠷᠢᠯᠭᠠᠵᠤ᠂ ᠪᠥᠭᠡᠮ ᠬᠦᠴᠢᠯ᠎ᠦᠨ ᠪᠠᠢᠴᠠᠭᠠᠯᠲᠠ ᠬᠢᠬᠦ᠌᠎ᠳᠦ ᠪᠠᠢᠴᠠᠭᠠᠬᠤ ᠶᠣᠰᠣᠲᠠᠶ᠎ᠶ᠋ᠢ᠎ᠨᠢ ᠪᠦᠬᠦᠨ᠎ᠢ ᠪᠠᠢᠴᠠᠭᠠᠵᠤ᠂ ᠨᠢᠭᠡ ᠬᠥᠮᠦᠨ᠎ᠢ ᠴᠦ᠍ ᠣᠷᠬᠢᠭ᠍ᠳᠠᠭᠤᠯᠬᠤ ᠥᠬᠡᠶ ᠪᠠᠢᠬᠤ ᠵᠢ ᠪᠡᠶᠡᠯᠡᠭᠦᠯᠵᠦ᠂ ᠲᠤᠰᠠᠭᠠᠷᠯᠠᠨ ᠬᠠᠮᠢᠶᠠᠷᠬᠤ᠎ᠳᠤ ᠪᠥᠬᠥ᠌ ᠶᠠᠪᠤᠴᠠ᠎ᠪᠠᠷ᠎ᠨᠢ ᠪᠢᠲᠡᠭᠦᠮᠵᠢᠯᠡᠵᠦ᠍᠂ ᠥᠴᠦᠬᠡᠨ ᠴᠦ᠍ ᠠᠯᠳᠠᠰᠢ ᠭᠠᠷᠭᠠᠬᠤ ᠥᠬᠡᠶ ᠪᠠᠢᠬᠤ ᠵᠢ ᠪᠡᠶᠡᠯᠡᠭᠦᠯᠵᠦ᠂ ᠨᠡᠢᠭᠡᠮ᠎ᠦᠨ ᠬᠠᠮᠢᠶᠠᠷᠤᠨ ᠡᠵᠡᠮᠳᠡᠯ᠎ᠳᠤ 《ᠬᠡᠷ᠎ᠡᠴᠡ᠎ᠪᠡᠨ ᠭᠠᠷᠬᠤ ᠥᠬᠡᠶ》 《ᠰᠠᠭᠤᠭᠠᠯᠢ ᠠᠷᠠᠳ᠎ᠤᠨ ᠲᠣᠭᠣᠷᠢᠭ᠎ᠠᠴᠠ᠎ᠪᠠᠨ ᠭᠠᠷᠬᠤ ᠥᠬᠡᠶ》 ᠵᠡᠷᠭᠡ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠷᠢᠭᠤᠳᠭᠠᠬᠤ᠂ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠯᠠᠯ ᠎ᠢ ᠰᠡᠷᠭᠡᠢᠯᠡᠨ ᠡᠵᠡᠮᠳᠡᠬᠦ᠌᠂ ᠬᠢᠯᠢ ᠵᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠬᠢᠵᠢᠭ᠎ᠦᠨ ᠪᠠᠢᠳᠠᠯ ᠳᠠᠷᠬᠠᠨ ᠳᠡᠯᠭᠡᠷᠡᠬᠦ᠌ ᠬᠡᠯᠬᠢᠶ᠎ᠡ᠎ᠶ᠋ᠢ ᠡᠷᠡᠰ ᠬᠣᠷᠢᠭ᠍ᠯᠠᠬᠤ ᠬᠡᠷᠡᠭ᠌ᠲᠡᠶ᠃ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠡᠪᠡᠳᠴᠢᠲᠡᠨ᠎ᠢ ᠪᠦᠬᠦ᠌ ᠬᠦᠴᠦ᠍᠎ᠪᠡᠷ᠎ᠢᠶᠡᠨ ᠠᠪᠤᠷᠠᠨ ᠡᠮᠨᠡᠵᠦ᠍᠂ ᠤᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠶ᠋ᠢ ᠰᠠᠢᠲᠤᠷ ᠪᠠᠲᠤᠯᠠᠬᠤ ᠬᠡᠷᠡᠭ᠌ᠲᠡᠢ᠃ ᠤᠬᠠᠭᠤᠯᠭ᠎ᠠ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠎ᠶ᠋ᠢ ᠴᠢᠩᠭᠠᠳᠭᠠᠵᠤ᠂ ᠲᠥᠪᠯᠡᠷᠡᠭᠦᠯᠦᠨ ᠲᠤᠰᠠᠭᠠᠷᠯᠠᠵᠤ ᠪᠠᠢᠭ᠎ᠠ ᠬᠥᠮᠦᠰ᠎ᠦᠨ ᠲᠤᠰᠠᠭᠠᠷᠯᠠᠯ᠎ᠢ ᠬᠦᠴᠦᠨ ᠦᠭᠡᠢ ᠪᠤᠯᠭᠠᠬᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠪᠢᠲᠡᠭᠦᠮᠵᠢᠯᠡᠨ ᠡᠵᠡᠮᠳᠡᠵᠦ᠍ ᠬᠠᠮᠢᠶᠠᠷᠤᠨ ᠡᠵᠡᠮᠳᠡᠬᠦ᠌ ᠵᠢ ᠬᠦᠴᠦᠨ ᠦᠭᠡᠢ ᠪᠤᠯᠭᠠᠬᠤ ᠠᠵᠢᠯ᠎ᠢ ᠡᠮᠬᠢ ᠵᠢᠷᠤᠮ᠎ᠲᠠᠶ ᠰᠠᠢᠲᠤᠷ ᠬᠢᠵᠦ᠍᠂ ᠨᠡᠢᠭᠡᠮ᠎ᠦᠨ ᠬᠢᠨ ᠎ᠤ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠰᠠᠨᠠᠭᠠᠴᠢᠯᠠᠭ᠎ᠠ᠎ᠠᠴᠠ᠎ᠪᠠᠨ ᠬᠠᠷᠢᠭᠤᠯᠲᠠ ᠥᠭ᠌ᠬᠦ ᠬᠡᠷᠡᠭ᠌ᠲᠡᠶ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面