ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2021-12-20 09:36:14

ᠵᠣᠬᠢᠶᠠᠭ᠍ᠴᠢ᠄ ᠢᠳᠡᠷᠡᠭᠦᠨ ᠮᠸᠢ ᠭᠠᠡᠭ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 19᠎ᠦ ᠡᠳᠦᠷ᠂ ᠮᠠᠨᠵᠤᠤᠷ ᠬᠣᠲᠠ᠎ᠶ᠋ᠢᠨ ᠨᠢᠭᠡᠨ ᠪᠠᠭᠤᠳᠠᠯ᠎ᠳᠤ᠂ ᠲᠥᠪᠯᠡᠷᠡᠭᠦᠯᠦᠨ ᠲᠤᠰᠠᠭᠠᠷᠯᠠᠵᠤ ᠪᠠᠢᠭ᠎ᠠ ᠬᠥᠮᠦᠰ 14 ᠡᠳᠦᠷ ᠲᠥᠪᠯᠡᠷᠡᠭᠦᠯᠦᠨ ᠲᠤᠰᠠᠭᠠᠷᠯᠠᠵᠤ ᠠᠵᠢᠭ᠍ᠯᠠᠬᠤ᠎ᠪᠠᠷ ᠳᠡᠮᠵᠢᠨ᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠪᠠ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠦᠷ᠎ᠡ ᠳ᠋ᠦᠩ᠎ᠨᠢ ᠴᠥᠮ ᠬᠡᠪ᠎ᠦᠨ ᠪᠤᠰᠤ ᠪᠠᠢᠳᠠᠯ ᠭᠠᠷᠤᠭ᠍ᠰᠠᠨ ᠥᠬᠡᠶ᠂ ᠲᠥᠪᠯᠡᠷᠡᠭᠦᠯᠦᠨ ᠲᠤᠰᠠᠭᠠᠷᠯᠠᠬᠤ᠎ᠠᠴᠠ ᠭᠠᠷᠭᠠᠬᠤ ᠠᠨᠠᠭᠠᠬᠤ ᠤᠬᠠᠭᠠᠨ᠎ᠤ ᠠᠵᠢᠭ᠍ᠯᠠᠯᠲᠠ᠎ᠶ᠋ᠢᠨ ᠪᠠᠷᠢᠮᠵᠢᠶ᠎ᠠ᠎ᠳᠤ ᠨᠡᠢᠴᠡᠵᠦ᠍᠂ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠢᠶᠠᠷ ᠰᠤᠳᠤᠯᠤᠨ ᠮᠠᠭᠠᠳᠯᠠᠭᠤᠯᠤᠭᠠᠳ ᠲᠤᠰᠠᠭᠠᠷᠯᠠᠭ᠍ᠤ ᠡᠴᠡ ᠭᠠᠷᠭᠠᠪᠠ᠃


微信图片_20211220092653.jpg


ᠦᠳᠡ᠎ᠶ᠋ᠢᠨ ᠡᠮᠦᠨᠡᠬᠢ 9 ᠴᠠᠭ᠎ᠲᠤ᠂ ᠠᠩᠬᠠᠨ᠎ᠤ ᠪᠦᠯᠦᠭ ᠲᠤᠰᠠᠭᠠᠷᠯᠠᠭ᠍ᠳᠠᠭ᠍ᠰᠠᠳ ᠳᠠᠩᠰᠠᠯᠠᠭᠤᠯᠤᠭ᠍ᠰᠠᠨ᠎ᠤ ᠳᠠᠷᠠᠭ᠎ᠠ᠂ ᠲᠤᠰᠠᠭᠠᠷᠯᠠᠬᠤ ᠴᠡᠭ᠎ᠡᠴᠡ ᠡᠮᠬᠢ ᠵᠢᠷᠤᠮ᠎ᠲᠠᠶ ᠭᠠᠷᠴᠤ᠌᠂ ᠮᠠᠱᠢᠨ ᠲᠡᠷᠭᠡᠨ᠎ᠳᠦ ᠰᠠᠭᠤᠪᠠ᠃ 《ᠥᠨᠥᠳᠦᠷ ᠪᠢᠳᠡ ᠲᠥᠪᠯᠡᠷᠡᠭᠦᠯᠦᠨ ᠲᠤᠰᠠᠭᠠᠷᠯᠠᠬᠤ ᠪᠡᠨ ᠳᠠᠭᠤᠰᠬᠠᠵᠦ᠂ ᠭᠡᠷ᠎ᠲᠡᠬᠡᠨ ᠬᠠᠷᠢᠬᠤ ᠪᠣᠯᠤᠯ᠎ᠠ》ᠭᠡᠵᠤ ᠲᠤᠰᠠᠭᠠᠷᠯᠠᠬᠤ ᠴᠡᠭ᠎ᠡᠴᠡ ᠭᠠᠷᠤᠭ᠍ᠰᠠᠨ ᠸᠠᠩ ᠠᠪᠠᠬᠠᠶ ᠰᠡᠳᠭᠢᠯ ᠳᠣᠭ᠍ᠳᠣᠯᠤᠨ ᠬᠡᠯᠡᠪᠡ᠃


微信图片_20211220092713.jpg


ᠲᠤᠰᠠᠭᠠᠷᠯᠠᠬᠤ ᠪᠠᠭᠤᠳᠠᠯ᠎ᠤᠨ ᠡᠭᠦᠳᠡᠨ ᠡᠮᠦᠨ᠎ᠡ᠂ ᠣᠯᠠᠨ ᠲᠣᠮᠣ ᠮᠠᠱᠢᠨ ᠲᠡᠷᠭᠡ ᠡᠮᠬᠢ ᠵᠢᠷᠤᠮ᠎ᠲᠠᠶ᠎ᠪᠠᠷ ᠵᠣᠭ᠍ᠰᠣᠵᠤ᠂ ᠲᠡᠷᠭᠡᠨ ᠳᠡᠭᠡᠷ᠎ᠡ《ᠪᠧᠶ ᠳᠦᠨ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠲᠠᠨ᠎ᠢ ᠲᠣᠰᠴᠤ᠌ ᠠᠪᠤᠨ᠎ᠠ 》ᠭᠡᠰᠡᠨ ᠪᠢᠴᠢᠭᠡᠰᠦ ᠡᠯᠭᠦᠵᠦ᠍᠂ ᠬᠦᠢᠲᠡᠨ ᠰᠠᠯᠬᠢᠨ᠎ᠳᠤ ᠬᠠᠯᠠᠭᠤᠨ ᠳᠤᠯᠠᠭᠠᠨ ᠠᠭᠤᠷ ᠠᠮᠢᠰᠭᠤᠯ᠎ᠢ ᠳᠠᠮᠵᠢᠭᠤᠯᠵᠤ ᠪᠠᠢᠯ᠎ᠠ᠃ ᠮᠠᠨᠵᠤᠤᠷ ᠬᠣᠲᠠ ᠲᠥᠪᠯᠡᠷᠡᠭᠦᠯᠦᠨ ᠲᠤᠰᠠᠭᠠᠷᠯᠠᠭᠰᠠᠨ ᠬᠥᠮᠦᠰ᠎ᠲᠦ 《ᠲᠣᠮᠣ ᠪᠡᠯᠡᠭ 》ᠪᠡᠯᠡᠳᠭᠡᠵᠦ᠍᠂ ᠬᠥᠮᠦᠨ ᠪᠦᠷᠢ᠎ᠳᠦ ᠨᠢᠭᠡ ᠬᠤᠪᠢ ᠬᠦᠷᠭᠡᠪᠡ᠃ ᠰᠤᠷᠪᠤᠯᠵᠢᠯᠠᠭ᠍ᠴᠢ ᠎ᠶ᠋ᠢᠨ ᠣᠢᠯᠠᠭᠠᠭ᠍ᠰᠠᠨ ᠎ᠢᠶᠠᠷ᠂ ᠪᠡᠯᠡᠭ᠎ᠦᠨ ᠪᠣᠭ᠍ᠴᠣᠨ᠎ᠳᠤ ᠡᠮᠴᠢᠯᠡᠭᠡᠨ᠎ᠦ ᠠᠮᠠᠪᠴᠢ᠂ ᠪᠡᠭᠡᠯᠡᠶ᠂ ᠲᠤᠰᠭᠠᠶ ᠭᠠᠷ ᠠᠷᠢᠭᠤᠳᠭᠠᠬᠤ ᠱᠢᠩᠭᠡᠨ᠂ ᠪᠠᠰᠠ ᠨᠢᠭᠡ ᠠᠯᠮᠤᠷᠠᠳ᠂ ᠨᠢᠭᠡ ᠬᠠᠢᠷᠴᠠᠭ ᠦᠨᠢᠶᠡᠨ ᠰᠦ ᠪᠠᠢᠯ᠎ᠠ᠃


微信图片_20211220092717.jpg


ᠲᠡᠷᠭᠡᠨ᠎ᠳᠦ ᠭᠠᠷᠬᠤ ᠦᠶᠡᠰ᠂ ᠲᠤᠰᠠᠭᠠᠷᠯᠠᠭᠰᠠᠨ ᠬᠥᠮᠦᠰ ᠪᠠ ᠠᠵᠢᠯᠲᠠᠳ ᠰᠠᠯᠬᠤ ᠶᠣᠰᠣ ᠬᠢᠵᠦ᠍᠂ ᠲᠡᠳᠡᠨ᠎ᠦ ᠱᠢᠷᠭᠠᠭᠤ ᠬᠠᠲᠠᠭᠤᠵᠢᠯᠲᠠᠶ ᠬᠦᠳᠡᠯᠮᠦᠷᠢ ᠪᠠ ᠬᠠᠯᠠᠭᠤᠮᠰᠤᠭ ᠬᠠᠷᠠᠭᠠᠯᠵᠠᠯ᠎ᠳᠤ ᠲᠠᠯᠠᠷᠬᠠᠵᠤ ᠪᠠᠢᠯ᠎ᠠ᠃ ᠣᠢᠯᠠᠭᠠᠭ᠍ᠰᠠᠨ᠎ᠢᠶᠠᠷ᠂ ᠲᠤᠰᠠᠭᠠᠷᠯᠠᠯ᠎ᠠᠴᠠ ᠲᠠᠢᠯᠤᠭ᠍ᠳᠠᠭ᠍ᠰᠠᠨ ᠬᠥᠮᠦᠰ ᠬᠡᠷ᠎ᠲᠡᠬᠡᠨ ᠬᠠᠷᠢᠭ᠍ᠰᠠᠨ᠎ᠤ ᠳᠠᠷᠠᠭ᠎ᠠ᠂ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠳᠠᠭᠠᠵᠤ᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠵᠦ᠍᠂ 《ᠬᠡᠷ᠎ᠡᠴᠡ᠎ᠪᠡᠨ ᠭᠠᠷᠬᠤ ᠥᠬᠡᠶ》ᠪᠠᠢᠵᠤ᠂ ᠡᠷᠭᠢᠵᠦ᠍ ᠦᠵᠡᠵᠤ ᠪᠤᠯᠭᠤᠭᠠᠵᠤ ᠳᠤᠬᠤᠨᠢᠭᠤᠯᠬᠤ᠎ᠶ᠋ᠢ ᠡᠷᠡᠰ ᠲᠡᠪᠴᠢᠬᠦ᠌ ᠬᠡᠷᠡᠭ᠌ᠲᠡᠶ᠃ ᠨᠢᠭ᠍ᠲᠠ ᠤᠢᠷᠠᠳᠤᠭᠰᠠᠨ ᠬᠥᠮᠦᠰ᠎ᠲᠦ 《7 + 7》ᠲᠤᠰᠠᠭᠠᠷᠯᠠᠬᠤ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠡ᠂ ᠲᠤᠬᠠᠢᠯᠠᠪᠠᠯ7 ᠡᠳᠦᠷ ᠬᠡᠷ᠎ᠲᠡᠬᠡᠨ ᠲᠤᠰᠠᠭᠠᠷᠯᠠᠵᠤ᠂ 7 ᠡᠳᠦᠷ ᠬᠡᠷ᠎ᠲᠡᠬᠡᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠨ᠎ᠠ᠃ 7 ᠡᠳᠦᠷ᠎ᠲᠦ ᠬᠡᠷ᠎ᠲᠡᠬᠡᠨ ᠰᠠᠭᠤᠵᠤ ᠲᠤᠰᠠᠭᠠᠷᠯᠠᠬᠤ ᠬᠤᠭᠤᠴᠠᠭᠠᠨ᠎ᠳᠤ 1᠂ 4᠂ 7 ᠎ᠳᠤᠭᠠᠷ ᠡᠳᠦᠷ᠎ᠲᠦ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠨ᠎ᠠ᠃


微信图片_20211220092721.jpg


ᠬᠡᠷ᠎ᠲᠡᠬᠡᠨ ᠲᠤᠰᠠᠭᠠᠷᠯᠠᠵᠤ ᠪᠠᠢᠭ᠎ᠠ ᠬᠥᠮᠦᠰ ᠰᠠᠭᠤᠭᠠᠯᠢ ᠲᠣᠭᠣᠷᠢᠭ᠎ᠤᠨ ᠵᠢᠷᠭᠢᠶ᠎ᠠ ᠵᠢᠨ ᠴᠤᠭ᠍ᠯᠠᠷᠠᠯ᠎ᠢᠶᠠᠷ ᠳᠠᠮᠵᠢᠭᠤᠯᠤᠨ ᠠᠮᠢᠳᠤᠷᠠᠯ᠎ᠤᠨ ᠡᠳ᠋ ᠪᠣᠳᠠᠰ᠂ ᠡᠮ᠎ᠦᠨ ᠵᠦᠶ᠋ᠯ ᠵᠠᠬᠢᠶᠠᠯᠠᠨ ᠠᠪᠴᠤ᠌᠂ ᠰᠠᠢᠨ ᠲᠤᠷᠠᠴᠤᠳ ᠬᠡᠷ᠎ᠲᠦᠨᠢ ᠬᠦᠷᠴᠦ᠍ ᠳᠣᠭᠢᠷᠠᠭᠤᠯᠤᠨ ᠬᠦᠷᠭᠡᠬᠦ᠌ ᠦᠶ᠋ᠯᠡᠴᠢᠯᠡᠭᠡ ᠬᠠᠩᠭᠠᠵᠤ ᠪᠣᠯᠤᠨ᠎ᠠ᠃ ᠣᠶᠤᠨᠴᠢ ᠭᠠᠷ ᠤᠲᠠᠰᠤ ᠬᠡᠷᠡᠭ᠌ᠯᠡᠵᠦ᠍ ᠴᠢᠳᠠᠬᠤ ᠥᠬᠡᠶ ᠨᠠᠰᠤᠲᠠᠢᠴᠤᠳ ᠲᠦ᠍ ᠪᠤᠯ ᠵᠤᠬᠢᠴᠠᠭᠤᠯᠤᠭᠴᠢ ᠠᠵᠢᠯᠲᠠᠨ ᠠᠮᠢᠳᠤᠷᠠᠯ᠎ᠤᠨ ᠡᠳ᠋ ᠪᠣᠳᠠᠰ᠎ᠤᠨ ᠬᠡᠷᠡᠭ᠌ᠴᠡᠭᠡ᠎ᠶ᠋ᠢ᠎ᠨᠢ ᠣᠢᠯᠠᠭᠠᠭ᠍ᠰᠠᠨ᠎ᠤ ᠳᠠᠷᠠᠭ᠎ᠠ᠂ ᠮᠦᠡᠭᠭᠦ ᠲᠦᠭᠦᠷᠢᠭ᠎ᠢ ᠨᠢ ᠣᠷᠣᠯᠠᠨ ᠥᠭ᠌ᠬᠦ᠎ᠶ᠋ᠢᠨ ᠬᠠᠮᠲᠤ ᠲᠠᠩᠰᠠ᠎ᠶ᠋ᠢ᠎ᠨᠢ ᠰᠠᠢᠲᠤᠷ ᠬᠢᠵᠦ᠍᠂ ᠬᠢᠵᠢᠭ᠎ᠦᠨ ᠪᠠᠢᠳᠠᠯ ᠲᠠᠢᠯᠤᠭᠳᠠᠭᠰᠠᠨ᠎ᠤ ᠳᠠᠷᠠᠭ᠎ᠠ ᠨᠢᠭᠡᠳᠦᠯᠲᠡᠶ ᠳ᠋ᠦᠩᠨᠡᠨ ᠪᠤᠳᠤᠨ᠎ᠠ᠃ ᠭᠠᠭ᠍ᠴᠠᠭᠠᠷ ᠰᠠᠭᠤᠭ᠎ᠠ ᠨᠠᠰᠤᠲᠠᠢᠴᠤᠳ᠂ ᠵᠡᠮᠳᠡᠭ᠌ᠴᠦᠳ ᠵᠡᠷᠭᠡ ᠭᠤᠤᠯᠳᠠᠯᠭ᠎ᠠ᠎ᠲᠠᠶ ᠬᠥᠮᠦᠰ᠎ᠲᠦ ᠸᠢᠳᠢᠣ᠋ ᠤᠲᠠᠰᠤ ᠵᠠᠯᠭᠠᠬᠤ ᠠᠷᠭ᠎ᠠ ᠮᠠᠶᠢᠭ᠎ᠢ ᠠᠱᠢᠭ᠍ᠯᠠᠨ᠂ ᠠᠮᠢᠳᠤᠷᠠᠯ᠎ᠤᠨ ᠡᠳ᠋ ᠪᠣᠳᠠᠰ ᠪᠠ ᠪᠤᠰᠤᠳ ᠬᠦᠴᠢᠷᠳᠡᠯ᠎ᠢ᠎ᠨᠢ ᠠᠰᠠᠭᠤᠨ ᠯᠠᠪᠯᠠᠵᠤ ᠲᠡᠮᠳᠡᠭ᠌ᠯᠡᠨ᠂ ᠳᠤᠰᠬᠠᠢ ᠠᠵᠢᠯᠲᠠᠨ ᠪᠠ ᠰᠠᠢᠨ ᠳᠤᠷᠠᠴᠤᠳ᠎ᠠᠴᠠ ᠬᠠᠮᠲᠤᠪᠠᠷ ᠬᠠᠪᠰᠤᠷᠤᠨ ᠱᠢᠶ᠋ᠳᠪᠦᠷᠢᠯᠡᠵᠦ᠍ ᠥᠭ᠌ᠭᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面