2021-12-20 11:00:30
12 ᠰᠠᠷ᠎ᠠ᠎ᠶ᠋ᠢᠨ 15᠎ᠤ᠋ ᠡᠳᠦᠷ᠂ 2022 ᠣᠨ᠎ᠤ ᠥᠪᠡᠷᠲᠡᠭᠡᠨ ᠵᠠᠰᠠᠬᠤ ᠣᠷᠣᠨ᠎ᠤ ᠬᠢᠵᠢᠭ᠎ᠲᠦ ᠬᠣᠯᠪᠣᠭ᠍ᠳᠠᠭ᠍ᠰᠠᠨ ᠬᠡᠰᠡᠭ ᠭᠠᠵᠠᠷ ᠣᠷᠣᠨ᠎ᠤ ᠠᠰᠫᠢᠷᠠᠨᠲ᠎ᠤᠨ ᠱᠢᠯᠭᠠᠯᠲᠠ ᠪᠠ ᠤᠷᠠᠯᠢᠭ᠎ᠤᠨ ᠲᠥᠷᠥᠯ᠎ᠦᠨ ᠲᠤᠰᠭᠠᠶ ᠮᠡᠷᠭᠡᠵᠢᠯ᠎ᠦᠨ ᠨᠢᠭᠡᠳᠦᠯᠲᠡᠶ ᠱᠢᠯᠭᠠᠯᠲᠠ᠎ᠶ᠋ᠢᠨ ᠳᠤᠭᠤᠢᠯᠠᠩ᠎ᠤᠨ ᠱᠢᠯᠭᠠᠯᠲᠠ᠎ᠶ᠋ᠢᠨ ᠠᠵᠢᠯ᠎ᠤᠨ ᠲᠣᠬᠢᠷᠠᠭᠤᠯᠤᠯᠲᠠ᠎ᠶ᠋ᠢᠨ ᠸᠢᠳᠢᠣ᠋ ᠬᠤᠷᠠᠯ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠰᠤᠷᠭᠠᠨ ᠬᠥᠮᠦᠵᠢᠯ᠎ᠦᠨ ᠱᠢᠯᠭᠠᠯᠲᠠ᠎ᠶ᠋ᠢᠨ ᠶᠠᠪᠤᠳᠠᠯ᠎ᠤᠨ ᠵᠢᠯᠣᠭᠣᠳᠭᠤ ᠲᠥᠪ᠎ᠲᠦ ᠶᠠᠪᠤᠬᠳᠠᠪᠠ᠃
ᠮᠠᠨ᠎ᠤ ᠣᠷᠣᠨ᠎ᠤ 2022 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠷᠠᠯᠢᠭ᠎ᠤᠨ ᠲᠥᠷᠥᠯ᠎ᠦᠨ ᠲᠤᠰᠭᠠᠶ ᠮᠡᠷᠭᠡᠵᠢᠯ᠎ᠦᠨ ᠨᠢᠭᠡᠳᠦᠯᠲᠡᠶ ᠱᠢᠯᠭᠠᠯᠲᠠ(ᠪᠢᠷ᠎ᠦᠨ ᠱᠢᠯᠭᠠᠯᠲᠠ)12 ᠰᠠᠷ᠎ᠠ᠎ᠶ᠋ᠢᠨ 23 ᠤ᠋ ᠡᠳᠦᠷ ᠶᠠᠪᠤᠭ᠍ᠳᠠᠵᠦ᠂ 2022 ᠣᠨ᠎ᠤ ᠪᠥᠬᠥ᠌ ᠤᠯᠤᠰ᠎ᠤᠨ ᠠᠰᠫᠢᠷᠠᠨᠲ ᠡᠯᠰᠡᠬᠦ᠌ ᠱᠢᠯᠭᠠᠯᠲᠠ᠎ᠶ᠋ᠢᠨ ᠠᠩᠬᠠᠨ᠎ᠤ ᠱᠢᠯᠭᠠᠯᠲᠠ 12 ᠰᠠᠷ᠎ᠠ᠎ᠶ᠋ᠢᠨ 25 ᠤ᠋ ᠡᠳᠦᠷ᠎ᠡᠴᠡ 26 ᠤ᠋ ᠡᠳᠦᠷ ᠪᠣᠯᠲᠠᠯ᠎ᠠ ᠶᠠᠪᠤᠭ᠍ᠳᠠᠨ᠎ᠠ᠃
ᠬᠤᠷᠠᠯ᠎ᠠᠴᠠ᠂ ᠬᠢᠵᠢᠭ᠎ᠲᠦ ᠬᠣᠯᠪᠣᠭ᠍ᠳᠠᠭ᠍ᠰᠠᠨ ᠡᠯ᠎ᠡ ᠭᠠᠵᠠᠷ ᠣᠷᠣᠨ᠎ᠤ᠎ᠬᠢᠨ ᠱᠢᠯᠭᠠᠯᠲᠠ᠎ᠶ᠋ᠢᠨ ᠠᠵᠢᠯ᠎ᠢ ᠰᠠᠢᠲᠤᠷ ᠬᠢᠬᠦ᠌᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠱᠢᠯᠭᠠᠯᠲᠠ᠎ᠶ᠋ᠢᠨ ᠲᠠᠯᠠᠪᠠᠢ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠱᠢᠯᠭᠠᠯᠲᠠᠶ᠋ᠢᠨᠬᠠᠭᠤᠳᠠᠰᠤᠶ᠋ᠢᠨᠠᠮᠤᠷᠲᠦᠪᠱᠢᠨᠨᠢᠭᠤᠴᠠᠶ᠋ᠢ ᠬᠠᠮᠠᠭᠠᠯᠠᠬᠤ᠂ ᠱᠢᠯᠭᠠᠯᠲᠠ᠎ᠶ᠋ᠢᠨ ᠶᠠᠪᠤᠳᠠᠯ᠎ᠤᠨ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ ᠵᠡᠷᠭᠡ ᠡᠯ᠎ᠡ ᠵᠦᠢᠯ᠎ᠦᠨ ᠠᠵᠢᠯ᠎ᠢ ᠴᠢᠩᠭ᠎ᠠ ᠨᠢᠮᠪᠠᠶ ᠪᠣᠳᠠᠲᠠᠶ ᠰᠠᠢᠲᠤᠷ ᠠᠳᠭᠤᠵᠤ᠂ ᠬᠢᠵᠢᠭ᠎ᠠᠴᠠ ᠪᠤᠯᠵᠤ ᠱᠢᠯᠭᠠᠯᠲᠠ᠎ᠶ᠋ᠢ ᠨᠥᠯᠥᠭᠡᠯᠡᠬᠦ᠌ ᠦᠭᠡᠢ᠂ ᠱᠢᠯᠭᠠᠯᠲᠠ᠎ᠠᠴᠠ ᠪᠤᠯᠵᠤ ᠬᠢᠵᠢᠭ ᠲᠠᠷᠬᠠᠬᠤ ᠦᠭᠡᠢ ᠪᠠᠢᠬᠤ ᠵᠢ ᠪᠠᠳᠤᠯᠠᠵᠤ᠂ ᠱᠢᠯᠭᠠᠭᠤᠯᠪᠠᠰᠤ ᠵᠣᠬᠢᠬᠤ ᠪᠦᠬᠦᠨ᠎ᠢ ᠱᠢᠯᠭᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠡᠴᠡ ᠪᠣᠯᠵᠣ ᠮᠠᠨᠵᠤᠤᠷ᠎ᠲᠤ ᠬᠣᠴᠣᠷᠭᠠᠵᠦ ᠠᠪᠤᠭ᠍ᠰᠠᠨ᠂ ᠪᠥᠬᠥ᠌ ᠤᠯᠤᠰ᠎ᠤᠨ 13 ᠮᠤᠵᠢ ᠣᠷᠣᠨ᠎ᠤ ᠣᠷᠣᠨ᠎ᠤ ᠭᠠᠳᠠᠨᠠᠬᠢ 57 ᠱᠢᠯᠭᠠᠭᠤᠯᠤᠭ᠍ᠴᠢ ᠪᠠ ᠣᠷᠣᠨ᠎ᠤ ᠳᠣᠲᠣᠷᠠᠬᠢ 10 ᠠᠢᠮᠠᠭ ᠬᠣᠲᠠ᠎ᠶ᠋ᠢᠨ ᠬᠥᠯᠥᠨ ᠪᠣᠢᠷ᠎ᠤᠨ ᠱᠢᠯᠭᠠᠯᠲᠠ᠎ᠶ᠋ᠢᠨ ᠲᠣᠭᠣᠷᠢᠭ᠎ᠤᠨ ᠪᠤᠰᠤ 42 ᠱᠢᠯᠭᠠᠭᠤᠯᠤᠭ᠍ᠴᠢ᠎ᠳᠤ ᠮᠠᠨᠵᠤᠤᠷ ᠬᠣᠲᠠ᠂ ᠵᠠᠯᠠᠢᠨᠠᠭᠤᠷ ᠲᠣᠭᠣᠷᠢᠭ᠂ ᠱᠢᠨ᠎ᠡ ᠪᠠᠷᠭᠤ ᠪᠠᠷᠠᠭᠤᠨ ᠬᠣᠱᠢᠭᠤᠨ᠎ᠤ603 ᠱᠢᠯᠭᠠᠭᠤᠯᠤᠭ᠍ᠴᠢ᠎ᠲᠠᠶ ᠠᠳᠠᠯᠢᠬᠠᠨ ᠬᠠᠨᠳᠤᠵᠤ᠂ ᠲᠡᠳᠡᠨ᠎ᠦ ᠲᠤᠬᠠᠶ᠎ᠶ᠋ᠢᠨ ᠭᠠᠵᠠᠷ᠎ᠲᠤ ᠱᠢᠯᠭᠠᠯᠲᠠ᠎ᠳᠤ ᠣᠷᠣᠯᠴᠠᠬᠤ ᠳ᠋ᠤ ᠲᠥᠬᠥᠮ ᠨᠦᠬᠦᠴᠡᠯ ᠪᠠ ᠦᠢᠯᠡᠴᠢᠯᠡᠭᠡ ᠬᠠᠩᠭᠠᠬᠤ ᠬᠡᠷᠡᠭ᠌ᠲᠡᠶ᠃ ᠪᠦᠬᠦ᠌ ᠣᠷᠣᠨ᠎ᠤ ᠡᠯ᠎ᠡ ᠭᠠᠵᠠᠷ᠎ᠤᠨ ᠮᠠᠨᠵᠤᠤᠷ᠎ᠢ ᠲᠤᠰᠠᠯᠠᠬᠤ᠎ᠪᠠᠷ ᠤᠴᠢᠭᠰᠠᠨ ᠡᠮᠴᠢ ᠰᠤᠪᠢᠯᠠᠭ᠍ᠴᠢ ᠵᠢᠴᠢ ᠳᠣᠲᠣᠭᠠᠳᠤ᠎ᠶ᠋ᠢ ᠬᠠᠮᠠᠭᠠᠯᠠᠬᠤᠺᠠᠳ᠋ᠷᠴᠠᠭ᠍ᠳᠠᠭᠠᠶ᠋ᠢᠨ ᠳᠣᠲᠣᠷ᠎ᠠ᠂ ᠠᠰᠫᠢᠷᠠᠨᠲ᠎ᠤᠨ ᠱᠢᠯᠭᠠᠯᠲᠠ᠎ᠳᠤ ᠣᠷᠣᠯᠴᠠᠬᠤ᠎ᠪᠠᠷ ᠨᠡᠷ᠎ᠡ ᠮᠡᠳᠡᠭᠦᠯᠦᠭ᠌ᠰᠡᠤᠨ ᠪᠠᠢᠪᠠᠯ ᠲᠤᠬᠠᠢ᠎ᠶ᠋ᠢᠨ ᠭᠠᠵᠠᠷ᠎ᠲᠦ ᠱᠢᠯᠭᠠᠯᠲᠠ᠎ᠳᠤ ᠣᠷᠣᠯᠴᠠᠬᠤ ᠡᠯ᠎ᠡ ᠵᠦᠢᠯ᠎ᠦᠨ ᠪᠡᠯᠡᠳᠭᠡᠯ ᠠᠵᠢᠯ᠎ᠢ ᠰᠠᠢᠲᠤᠷ ᠬᠢᠵᠦ᠍᠂ ᠲᠡᠳᠡᠨ᠎ᠳᠦ ᠨᠡᠩ ᠢᠯᠡᠭᠦᠦ ᠬᠠᠷᠠᠭᠠᠯᠵᠠᠯ ᠦᠵᠡᠭᠦᠯᠤᠨ᠂ 《ᠰᠦᠷᠦᠨ ᠤᠷᠤᠭᠰᠢᠯᠠᠭᠴᠢᠳ》᠎ᠤ᠋ᠨ ᠱᠢᠯᠭᠠᠯᠲᠠ᠎ᠳ᠋ᠤ ᠤᠷᠤᠯᠴᠠᠬᠤ ᠵᠢ ᠶᠠᠭᠠᠬᠢᠭᠰᠠᠨ ᠴᠸ᠋ ᠨᠦᠯᠦᠭᠡᠯᠡᠵᠦ ᠪᠣᠯᠬᠤ ᠦᠭᠡᠢ ᠬᠡᠵᠦ ᠱᠠᠭᠠᠷᠳᠠᠪᠠ᠃
ᠬᠤᠷᠠᠯ᠎ᠠᠴᠠ᠂ ᠬᠠᠢᠯᠠᠷ ᠲᠣᠭᠣᠷᠢᠭ ᠪᠣᠯᠤᠨ ᠮᠠᠨᠵᠤᠤᠷ ᠬᠣᠲᠠ᠎ᠳᠤ ᠲᠤᠰᠠᠭᠠᠷᠯᠠᠭᠰᠠᠨ ᠱᠢᠯᠭᠠᠯᠲᠠ᠎ᠶ᠋ᠢᠨ ᠴᠡᠭ ᠭᠠᠷᠭᠠᠵᠤ᠂ ᠣᠳᠣᠬᠠᠨ᠎ᠳᠤ ᠲᠤᠰᠠᠭᠠᠷᠯᠠᠬᠤ ᠪᠠᠢᠳᠠᠯ᠎ᠳᠤ ᠪᠠᠢᠭ᠎ᠠ ᠱᠢᠯᠭᠠᠭᠤᠯᠤᠭ᠍ᠴᠢ᠎ᠶ᠋ᠢ ᠲᠤᠰᠠᠭᠠᠷᠯᠠᠬᠤ ᠱᠢᠯᠭᠠᠯᠲᠠ᠎ᠶ᠋ᠢᠨ ᠴᠡᠭ᠎ᠲᠦ ᠱᠢᠯᠵᠢᠭᠦᠯᠦᠨ ᠬᠦᠷᠭᠡᠵᠦ᠍᠂ ᠱᠢᠯᠭᠠᠯᠲᠠ᠎ᠶ᠋ᠢᠨ ᠪᠥᠬᠥ᠌ ᠶᠠᠪᠤᠴᠠ᠎ᠳᠤ ᠪᠢᠲᠡᠭᠦᠮᠵᠢᠯᠡᠭ᠌ᠰᠡᠨ ᠬᠠᠮᠢᠶᠠᠷᠤᠯᠲᠠ ᠬᠢᠨ᠎ᠠ ᠬᠡᠵᠦ ᠳᠤᠳᠤᠷᠬᠠᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃