2021-12-27 16:40:12
2021 ᠣᠨ᠎ᠤ12 ᠰᠠᠷ᠎ᠠ᠎ᠶ᠋ᠢᠨ 26 ᠤ ᠡᠳᠦᠷ᠂ ᠮᠠᠨᠵᠤᠤᠷ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠠᠯᠪᠠᠨ ᠵᠠᠷᠯᠠᠯ ᠨᠡᠢᠲᠡᠯᠡᠵᠦ᠂ ᠬᠠᠮᠢᠶ᠎ᠠ ᠪᠦᠬᠦᠢ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠂ ᠬᠥᠯᠥᠨ ᠪᠣᠢᠷ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠢᠶᠠᠷ ᠵᠥᠪᠱᠢᠶᠡᠷᠡᠭᠦᠯᠦᠭᠡᠳ᠂ 2021 ᠣᠨ᠎ᠤ 12 ᠰᠠᠷ᠎ᠠ᠎ᠶ᠋ᠢᠨ 26 ᠤ ᠡᠳᠦᠷ᠎ᠦᠨ 23 ᠴᠠᠭ 30 ᠮᠢᠨᠦ᠋ᠲ᠎ᠡᠴᠡ ᠡᠬᠢᠯᠡᠨ᠂ ᠮᠠᠨᠵᠤᠤᠷ ᠬᠣᠲᠠ᠎ᠶ᠋ᠢᠨ ᠡᠮᠦᠨ᠎ᠡ ᠲᠣᠭᠣᠷᠢᠭ᠎ᠤᠨ ᠵᠡᠭᠡᠯᠢ ᠭᠤᠳᠤᠮᠵᠢ᠂ ᠳ᠋ᠦᠩᠱᠠᠨ ᠵᠡᠭᠡᠯᠢ ᠭᠤᠳᠤᠮᠵᠢ᠂ ᠱᠢᠩ ᠬᠤᠸᠠ ᠵᠡᠭᠡᠯᠢ ᠭᠤᠳᠤᠮᠵᠢ᠂ ᠬᠣᠢᠲᠤ ᠲᠣᠭᠣᠷᠢᠭ᠎ᠤᠨ ᠵᠡᠭᠡᠯᠢ ᠭᠤᠳᠤᠮᠵᠢ᠂ ᠵᠠᠯᠠᠢᠨᠠᠭᠤᠷ ᠲᠣᠭᠣᠷᠢᠭ᠎ᠤᠨ ᠨᠢᠭᠡᠳᠦᠭᠡᠷ ᠵᠡᠭᠡᠯᠢ ᠭᠤᠳᠤᠮᠵᠢ᠂ ᠬᠣᠶᠠᠳᠤᠭᠠᠷ ᠵᠡᠭᠡᠯᠢ ᠭᠤᠳᠤᠮᠵᠢ᠂ ᠭᠤᠷᠪᠠᠳᠤᠭᠠᠷ ᠵᠡᠭᠡᠯᠢ ᠭᠤᠳᠤᠮᠵᠢ᠂ ᠳᠥᠷᠪᠡᠳᠦᠭᠡᠷ ᠵᠡᠭᠡᠯᠢ ᠭᠤᠳᠤᠮᠵᠢ᠂ ᠲᠠᠪᠤᠳᠤᠭᠠᠷ ᠵᠡᠭᠡᠯᠢ ᠭᠤᠳᠤᠮᠵᠢ᠂ ᠯᠢᠩ ᠴᠢᠤᠸᠠᠨ ᠪᠠᠯᠭᠠᠰᠤ ᠵᠢ ᠬᠢᠵᠢᠭ ᠤᠨ ᠳᠤᠤᠷ᠎ᠠ ᠲᠦᠭᠰᠢᠭᠦᠷᠢᠲᠡᠢ ᠤᠷᠤᠨ ᠪᠤᠯᠭᠠᠨ ᠳᠤᠬᠢᠷᠠᠭᠤᠯᠪᠠ᠃ ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ ᠮᠠᠨᠵᠤᠤᠷ ᠬᠣᠲᠠ (ᠵᠠᠯᠠᠢᠨᠠᠭᠤᠷ ᠲᠣᠭᠣᠷᠢᠭ ᠪᠠᠭ᠍ᠲᠠᠨ᠎ᠠ ) ᠶ᠋ᠢᠨ ᠪᠥᠬᠥ᠌ ᠣᠷᠣᠨ ᠪᠦᠰᠡ ᠨᠢ ᠴᠥᠮ ᠬᠢᠵᠢᠭ᠎ᠤᠨ ᠳᠤᠤᠷ᠎ᠠ ᠲᠦᠭ᠌ᠰᠢᠭᠦᠷᠢᠲᠠᠢ ᠭᠠᠵᠠᠷ ᠣᠷᠣᠨ ᠪᠣᠯᠪᠠ᠃
ᠢᠷᠡᠯᠲᠡ ᠄ ᠤᠮᠠᠷᠠᠲᠤ ᠵᠢᠨ ᠰᠢᠨ᠎ᠡ ᠰᠤᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃