2021-12-28 16:52:20
ᠬᠥᠯᠥᠨ ᠪᠣᠢᠷ ᠬᠣᠲᠠ᠎ᠶ᠋ᠢᠨ ᠱᠢᠨ᠎ᠡ ᠪᠠᠷᠭᠤ ᠪᠠᠷᠠᠭᠤᠨ ᠬᠣᠱᠢᠭᠤᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠮᠡᠳᠡᠭ᠌ᠳᠡᠯ ᠨᠡᠢᠲᠡᠯᠡᠵᠦ᠍᠂ ᠲᠥᠷᠥ ᠶ᠋ᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠲᠣᠭ᠍ᠲᠠᠴᠠ᠎ᠶ᠋ᠢᠨ 《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠣᠷᠣᠨ ᠬᠤᠪᠢᠶᠠᠨ ᠲᠠᠰ ᠬᠤᠪᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠍ ᠨᠠᠷᠢᠯᠢᠭ ᠣᠨᠣᠴᠠᠲᠠᠶ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌ ᠲᠤᠬᠠᠶ ᠮᠡᠳᠡᠭ᠌ᠳᠡᠯ》᠎ᠤᠨ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠂ ᠬᠥᠯᠥᠨ ᠪᠣᠢᠷ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠵᠥᠪᠱᠢᠶᠡᠷᠡᠯ᠎ᠢᠶᠡᠷ᠂ 12 ᠰᠠᠷ᠎ᠠ ᠶ᠋ᠢᠨ 27 ᠤ ᠡᠳᠦᠷ ᠦᠨ 20 ᠴᠠᠭ ᠠᠴᠠ ᠡᠬᠢᠯᠡᠨ᠂ ᠠᠯᠲᠠᠠᠡᠮᠡᠭᠡᠯ ᠪᠠᠯᠭᠠᠰᠤ᠎ᠶ᠋ᠢ ᠳᠤᠤᠷ᠎ᠠ ᠲᠦᠭ᠌ᠰᠢᠭᠦᠷᠢᠳᠠᠢ ᠣᠷᠣᠨ ᠪᠣᠯᠭᠠᠨ ᠲᠣᠬᠢᠷᠠᠭᠤᠯᠪᠠ᠃ ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ᠂ ᠱᠢᠨ᠎ᠡ ᠪᠠᠷᠭᠤ ᠪᠠᠷᠠᠭᠤᠨ ᠬᠣᠱᠢᠭᠤᠨ᠎ᠤ ᠪᠥᠬᠥ᠌ ᠤᠷᠤᠨ ᠪᠦᠰᠡ ᠴᠥᠮ ᠳᠤᠤᠷ᠎ᠠ ᠲᠦᠭ᠌ᠰᠢᠭᠦᠷᠢᠳᠠᠢ ᠣᠷᠣᠨ ᠪᠣᠯᠪᠠ᠃ ᠡᠢᠨᠬᠦ᠂ ᠮᠠᠨ᠎ᠤ ᠤᠷᠤᠨ᠎ᠤ ᠪᠥᠬᠥ᠌ ᠣᠷᠣᠨ ᠪᠦᠰᠡ ᠴᠥᠮ ᠳᠤᠤᠷ᠎ᠠ ᠲᠦᠭ᠌ᠰᠢᠭᠦᠷᠢᠳᠠᠢ ᠣᠷᠣᠨ ᠪᠣᠯᠵᠠᠶ᠃
12 ᠰᠠᠷ᠎ᠠ᠎ᠶ᠋ᠢᠨ 27 ᠤ ᠡᠳᠦᠷ᠎ᠦᠨ 24 ᠴᠠᠭ ᠪᠣᠯᠲᠠᠯ᠎ᠠ᠂ ᠮᠠᠨ᠎ᠤ ᠤᠷᠤᠨ᠎ᠳᠤ ᠬᠢᠯᠢ᠎ᠶ᠋ᠢᠨ ᠭᠠᠳᠠᠨ᠎ᠠ᠎ᠠᠴᠠ ᠣᠷᠣᠵᠤ ᠢᠷᠡᠭ᠌ᠰᠡᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 8 ᠪᠠᠢᠵᠤ᠂ ᠲᠤᠬᠠᠶ᠎ᠶ᠋ᠢᠨ ᠭᠠᠵᠠᠷ᠎ᠤᠨ ᠳᠣᠲᠣᠯᠠᠭ᠍ᠰᠠᠨ ᠡᠪᠡᠳᠴᠢᠨ᠎ᠦ ᠵᠢᠱ᠌ᠢᠶ᠎ᠡ 111(ᠬᠥᠯᠥᠨ ᠪᠣᠢᠷ ᠬᠣᠲᠠ᠎ᠶ᠋ᠢᠨ ᠮᠠᠨᠵᠤᠤᠷ ᠬᠣᠲᠠ ᠳᠤ 108᠂ ᠱᠢᠨ᠎ᠡ ᠪᠠᠷᠭᠤ ᠪᠠᠷᠠᠭᠤᠨ ᠬᠣᠱᠢᠭᠤᠨ᠎ᠳᠤ 3)ᠪᠣᠶ᠃ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠴᠢᠯᠡᠵᠦ᠍᠂ ᠨᠢᠭ᠍ᠲᠠ ᠣᠢᠷᠠᠲᠤᠭ᠍ᠰᠠᠳᠢᠨᠢ ᠴᠥᠮ ᠲᠣᠭ᠍ᠲᠠᠭ᠍ᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍ ᠂ ᠬᠢᠵᠢᠭ ᠲᠠᠷᠬᠠᠬᠤ᠎ᠶ᠋ᠢ ᠴᠢᠩᠭ᠎ᠠ ᠰᠡᠷᠭᠡᠢᠯᠡᠵᠦ᠍ ᠪᠣᠶ᠃
ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃