2022-01-02 20:45:14
ᠤᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳᠤᠨ ᠬᠤᠯᠪᠤᠭ᠎ᠠ ᠡᠴᠡ ᠮᠠᠨᠵᠤᠤᠷ᠂ ᠵᠠᠯᠠᠢᠨᠠᠭᠤᠷ᠂ ᠰᠢᠨ᠎ᠡ ᠪᠠᠷᠭᠤ ᠪᠠᠷᠠᠭᠤᠨ ᠬᠤᠰᠢᠭᠤ ᠵᠡᠷᠭᠡ ᠬᠢᠵᠢᠭ ᠤᠨ ᠪᠠᠢᠳᠠᠯ ᠤᠨ ᠨᠦᠯᠦᠭᠡ ᠶᠢ ᠬᠦᠷᠲᠡᠭᠰᠡᠨ ᠭᠠᠵᠠᠷ ᠤᠷᠤᠨ ᠤ ᠵᠡᠮᠳᠡᠭᠴᠤᠳ ᠢ ᠬᠠᠪᠰᠤᠷᠤᠨ ᠳᠡᠳᠬᠦᠬᠦ ᠠᠵᠢᠯ ᠦᠷᠨᠢᠬᠦᠯᠪᠡ᠃
ᠤᠢᠯᠠᠭᠠᠬᠰᠠᠨ ᠢᠶᠡᠷ ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠬᠤᠯᠪᠤᠭ᠎ᠠ ᠡᠴᠡ 167 ᠲᠦᠮᠡᠨ ᠲᠦᠬᠦᠷᠢᠭ ᠤᠨ ᠠᠪᠤᠷᠠᠨ ᠲᠤᠰᠠᠯᠠᠬᠤ ᠲᠤᠰᠬᠠᠢ ᠲᠦᠷᠦᠯ ᠤᠨ ᠪᠡᠯᠡ ᠮᠦᠩᠬᠦ ᠴᠤᠬᠯᠠᠭᠤᠯᠵᠦ᠂ ᠮᠠᠨᠵᠤᠤᠷ ᠂ ᠵᠠᠯᠠᠢᠨᠠᠭᠤᠷ᠂ ᠰᠢᠨ᠎ᠡ ᠪᠠᠷᠭᠤ ᠪᠠᠷᠠᠭᠤᠨ ᠬᠤᠰᠢᠭᠤ ᠶᠢᠨ 5570 ᠭᠠᠷᠤᠢ ᠦᠨᠡᠮᠯᠡᠯ ᠲᠠᠢ ᠵᠡᠮᠳᠡᠭᠴᠤᠳᠢ ᠲᠤᠬᠤᠨᠢᠭᠤᠯᠵᠦ ᠬᠠᠪᠰᠤᠷᠤᠨ ᠳᠡᠳᠬᠦᠬᠦ ᠠᠵᠢᠯᠢ ᠦᠷᠨᠢᠬᠦᠯᠵᠦ ᠂ ᠬᠦᠮᠦᠨ ᠳᠤᠮᠳᠠᠴᠢᠳᠦ 300 ᠲᠦᠬᠦᠷᠢᠭ ᠤᠨ ᠠᠮᠤ ᠲᠤᠰᠤ ᠵᠡᠷᠭᠡ ᠠᠮᠢᠳᠤᠷᠠᠯ ᠤᠨ ᠡᠳ᠋ ᠪᠤᠳᠠᠰ ᠬᠦᠷᠭᠡᠪᠡ ᠃ ᠲᠤᠤᠷ᠎ᠠ ᠬᠠᠭᠠᠰ ᠵᠢᠯ ᠳᠤ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠬᠤᠯᠪᠤᠭ᠎ᠠ ᠡᠴᠡ ᠢᠳᠡᠪᠬᠢᠲᠡᠢ ᠠᠷᠭ᠎ᠠ ᠬᠡᠮᠵᠢᠶ᠎ᠡ ᠠᠪᠴᠦ ᠂ ᠤᠷᠢᠳ ᠬᠤᠵᠢᠳ 《 ᠵᠡᠮᠳᠡᠭᠴᠤᠳ ᠤᠨ ᠦᠢᠯᠡᠴᠢᠯᠡᠬᠡᠨ ᠤ ᠪᠠᠢᠭᠤᠯᠤᠮᠵᠢ ᠶᠢᠨ ᠬᠢᠵᠢᠭ ᠤᠨ ᠪᠠᠢᠳᠠᠯ ᠢ ᠬᠠᠮᠢᠶᠠᠷᠤᠨ ᠡᠵᠡᠮᠳᠡᠬᠦ ᠪᠠ ᠬᠢᠵᠢᠭ ᠤᠨ ᠪᠠᠢᠳᠠᠯ ᠤᠨ ᠨᠦᠯᠦᠭᠡ ᠶᠢ ᠬᠦᠷᠲᠡᠭᠰᠡᠨ ᠬᠦᠴᠢᠷᠳᠡᠯᠲᠡᠢ ᠵᠡᠮᠳᠡᠭᠴᠤᠳ ᠢ ᠡᠷᠬᠢᠨ ᠦᠵᠡᠵᠦ ᠲᠤᠬᠤᠨᠢᠭᠤᠯᠬᠤ ᠠᠵᠢᠯ ᠢ ᠴᠢᠨᠠᠬᠰᠢᠳᠠ ᠰᠠᠢᠲᠤᠷ ᠬᠢᠬᠦ ᠲᠤᠬᠠᠢ ᠮᠡᠳᠡᠭᠳᠡᠯ 》 ᠵᠡᠷᠭᠡ ᠪᠢᠴᠢᠭ ᠮᠠᠲᠸᠷᠢᠶᠠᠯ ᠢ ᠳᠠᠷᠤᠮᠠᠯᠯᠠᠨ ᠲᠠᠷᠬᠠᠭᠠᠵᠦ ᠂ ᠬᠦᠴᠢᠷᠳᠡᠯᠲᠡᠢ ᠵᠡᠮᠳᠡᠭᠴᠤᠳ ᠤᠨ ᠠᠮᠢᠳᠤᠷᠠᠯ ᠳ᠋ᠡᠬᠢ 《ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ》 ᠪᠠᠢᠭ᠎ᠠ ᠠᠰᠠᠭᠤᠳᠠᠯ ᠢ ᠴᠠᠬ ᠲᠤᠬᠠᠢ ᠳ᠋ᠤᠨᠢ ᠤᠢᠯᠠᠭᠠᠨ ᠡᠵᠡᠮᠰᠢᠪᠡ ᠃ ᠡᠬᠦᠨ ᠡᠴᠡ ᠭᠠᠳᠠᠨ᠎ᠠ ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠤᠳ ᠤᠨ ᠬᠤᠯᠪᠤᠭ᠎ᠠ ᠡᠴᠡ ᠪᠠᠢᠭᠤᠯᠭ᠎ᠠ ᠪᠤᠯᠤᠨ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ ᠢᠶᠡᠨ ᠵᠤᠬᠢᠶᠠᠨ ᠪᠠᠢᠭᠤᠯᠵᠦ᠂ 3.26 ᠲᠦᠮᠡᠨ ᠲᠦᠬᠦᠷᠢᠭ ᠴᠤᠬᠯᠠᠭᠤᠯᠵᠦ ᠂ ᠡᠵᠡᠨ᠎ᠡ ᠬᠤᠰᠢᠭᠤ ᠪᠤᠯᠤᠨ ᠡᠷᠢᠶᠠᠨ ᠬᠤᠲᠠ ᠶᠢᠨ ᠵᠡᠮᠳᠡᠭᠴᠤᠳ ᠲᠤ ᠬᠠᠨᠳᠢᠪᠯᠠᠬᠰᠠᠨ ᠪᠦᠭᠡᠳ ᠨᠡᠢᠬᠡᠮ ᠨᠡᠢᠲᠡ ᠡᠴᠡ ᠪᠡᠯᠡ ᠮᠦᠩᠬᠦ ᠴᠤᠬᠯᠠᠭᠤᠯᠵᠦ ᠲᠤᠬᠠᠢ ᠶᠢᠨ ᠭᠠᠵᠠᠷ ᠤᠨ ᠵᠡᠮᠳᠡᠭᠴᠤᠳ ᠤᠨ ᠬᠤᠯᠪᠤᠭ᠎ᠠ ᠳᠤ ᠨᠠᠢᠳᠠᠵᠦ᠂ ᠬᠦᠴᠢᠷᠳᠡᠯᠲᠡᠢ ᠵᠡᠮᠳᠡᠭᠴᠤᠳ ᠲᠤ 39 ᠲᠦᠮᠡᠨ ᠲᠦᠬᠦᠷᠢᠭ ᠤᠨ ᠠᠮᠢᠳᠤᠷᠠᠯ ᠤᠨ ᠡᠳ᠋ ᠪᠤᠳᠠᠰ ᠬᠦᠷᠭᠡᠬᠦᠯᠵᠦ ᠂ ᠨᠠᠮ ᠵᠠᠰᠠᠭ ᠤᠨ ᠬᠠᠢᠷ᠎ᠠ ᠬᠠᠯᠠᠮᠵᠢ ᠶᠢ ᠵᠡᠮᠳᠡᠭᠴᠤᠳ ᠤᠨ ᠳᠡᠷᠭᠡᠲᠡ ᠬᠦᠷᠭᠡᠵᠦ ᠂ ᠳᠡᠳᠡ ᠨᠡᠷ ᠤᠨ ᠬᠢᠵᠢᠭ ᠢ ᠪᠠᠢᠳᠠᠯ ᠢ ᠵᠠᠪᠠᠯ ᠢᠯᠠᠬᠤ ᠢᠲᠡᠭᠡᠯ ᠵᠤᠷᠢᠭ ᠢ ᠨᠢ ᠤᠯᠠᠮ ᠬᠦᠪᠴᠢᠯᠡᠭᠰᠡᠨ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃