2022-01-01 22:05:38
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠤᠭᠤᠳᠬᠤ ᠭᠠᠵᠠᠷ᠎ᠤᠨ ᠠᠯᠪᠠᠨ ᠵᠠᠷᠯᠠᠯ
2022 ᠣᠨ᠎ᠤ ᠱᠢᠨ᠎ᠡ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠮᠠᠨ᠎ᠤ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠵᠦ᠍᠂ ᠠᠷᠠᠳ ᠣᠯᠠᠨ᠎ᠤ ᠠᠮᠤᠷ ᠲᠦᠪᠱᠢᠨ᠂ ᠡᠷᠡᠬᠦᠯ ᠡᠡᠭᠭᠡ ᠪᠡᠷ ᠪᠠᠶᠠᠷ᠎ᠤᠨ ᠡᠳᠦᠷ ᠵᠢᠡᠨ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠤᠰᠠᠳᠠ᠂ ᠡᠳᠦᠭᠡ ᠮᠠᠨ᠎ᠤ ᠣᠷᠣᠨ᠎ᠤ 《 ᠬᠣᠶᠠᠷ ᠪᠠᠶᠠᠷ 》᠎ᠤᠨ ᠬᠤᠭᠤᠴᠠᠭᠠᠨ᠎ᠳᠠᠬᠢ ᠬᠥᠮᠦᠰ᠎ᠦᠨ ᠠᠮᠤᠷ ᠲᠦᠪᠱᠢᠨ ᠡᠮᠬᠢ ᠵᠢᠷᠤᠮ᠎ᠲᠠᠶ᠎ᠪᠠᠷ ᠶᠠᠪᠤᠵᠤ ᠰᠠᠭᠤᠬᠤ ᠬᠣᠯᠪᠣᠭ᠍ᠳᠠᠯ ᠪᠥᠬᠥᠶ ᠵᠦᠶ᠋ᠯᠡᠰ᠎ᠢ ᠳᠣᠸ᠋ᠷᠠᠬᠢ ᠮᠡᠲᠦ ᠵᠠᠷᠯᠠᠶ᠎ᠠ᠄
ᠨᠢᠭᠡ᠂ ᠠᠷᠠᠳ ᠤᠯᠠᠨ᠎ᠤ ᠲᠤᠬᠠᠶ᠎ᠶ᠋ᠢᠨ ᠭᠠᠵᠠᠷ᠎ᠲᠠᠭᠠᠨ ᠱᠢᠨᠡᠯᠡᠬᠦ᠌᠎ᠶ᠋ᠢ ᠵᠣᠷᠢᠭ᠍ᠵᠢᠭᠤᠯᠵᠤ᠂ ᠪᠥᠬᠥ᠌ ᠣᠷᠣᠨ᠎ᠤ ᠨᠠᠮ᠎ᠤᠨ ᠭᠡᠱᠢᠭᠦᠨ ᠤᠳᠤᠷᠢᠳᠭᠤ ᠺᠠᠳ᠋ᠷ᠂ ᠠᠯᠪᠠᠨ ᠪᠠᠢᠭᠤᠯᠭ᠎ᠠ ᠠᠵᠢᠯ ᠦᠶ᠋ᠯᠡᠰ᠎ᠦᠨ ᠨᠢᠭᠡᠴᠢ᠂ ᠤᠯᠤᠰ᠎ᠤᠨ ᠥᠮᠴᠢᠯᠡᠯᠲᠦ ᠠᠵᠤ ᠠᠬᠤᠢᠯᠠᠯ ᠵᠡᠷᠭᠡ ᠠᠵᠢᠯᠲᠠᠨ ᠲᠦᠷᠦᠭᠦᠯᠡᠨ ᠲᠤᠬᠠᠶ᠎ᠶ᠋ᠢᠨ ᠭᠠᠵᠠᠷ᠎ᠲᠠᠭᠠᠨ ᠱᠢᠨᠡᠯᠡᠬᠦ᠌᠎ᠶ᠋ᠢ ᠨᠠᠢᠳᠠᠪᠤᠷᠢᠵᠢᠭᠤᠯᠤᠨ᠎ᠠ ᠃
ᠬᠣᠶᠠᠷ ᠂ ᠳᠤᠮᠳᠠ᠂ ᠦᠨᠳᠦᠷ ᠲᠦᠭ᠌ᠰᠢᠭᠦᠷᠢᠲᠡᠶ ᠭᠠᠵᠠᠷ ᠣᠷᠣᠨ ᠵᠢᠴᠢ ᠪᠠᠢᠭ᠎ᠠ ᠬᠣᠱᠢᠭᠤ ᠱᠢᠶᠠᠨ( ᠬᠣᠲᠠ ᠂ ᠲᠣᠭᠣᠷᠢᠭ)᠎ᠤ ᠬᠥᠮᠦᠰ᠎ᠦᠨ ᠭᠠᠳᠠᠭ᠍ᠰᠢ ᠭᠠᠷᠬᠤ᠎ᠶ᠋ᠢ ᠴᠢᠩᠭ᠎ᠠ ᠬᠢᠵᠠᠭᠠᠷᠯᠠᠬᠤ ᠬᠡᠷᠡᠭ᠌ᠲᠡᠶ᠃ ᠳᠤᠮᠳᠠ᠂ ᠦᠨᠳᠦᠷ ᠲᠦᠭ᠌ᠰᠢᠭᠦᠷᠢᠲᠡᠶ ᠭᠠᠵᠠᠷ ᠣᠷᠣᠨ᠎ᠤ ᠪᠠᠢᠭ᠎ᠠ ᠠᠢᠮᠠᠭ ᠬᠣᠲᠠ᠎ᠶ᠋ᠢᠨ ᠪᠤᠰᠤᠳ ᠬᠣᠱᠢᠭᠤ ᠱᠢᠶᠠᠨ ( ᠬᠣᠲᠠ ᠂ ᠲᠣᠭᠣᠷᠢᠭ )᠎ᠤ ᠬᠥᠮᠦᠰ ᠴᠢᠬᠤᠯᠠ ᠥᠬᠡᠶ ᠪᠣᠯ ᠭᠠᠳᠠᠭ᠍ᠰᠢ ᠭᠠᠷᠬᠤ ᠥᠬᠡᠶ ᠪᠠᠢᠵᠤ᠂ ᠦᠨᠡᠬᠡᠷ ᠭᠠᠳᠠᠭ᠍ᠰᠢ ᠭᠠᠷᠬᠤ ᠴᠢᠬᠤᠯᠠᠲᠠᠶ ᠪᠣᠯ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠳᠠ᠎ᠶ᠋ᠢᠨ ᠪᠢᠯᠢᠭ ᠴᠢᠨᠠᠷ᠎ᠤᠨ ᠭᠡᠷᠡᠴᠢ᠎ᠲᠡᠶ ᠪᠠᠢᠬᠤ ᠬᠡᠷᠡᠭ᠌ᠲᠡᠶ ᠃
ᠭᠤᠷᠪᠠ᠂ ᠤᠯᠤᠰ᠎ᠤᠨ ᠳᠣᠲᠣᠭᠠᠳᠤ᠎ᠶ᠋ᠢᠨ ᠳᠤᠮᠳᠠ᠂ ᠦᠨᠳᠦᠷ ᠲᠦᠭ᠌ᠰᠢᠭᠦᠷᠢᠲᠡᠶ ᠭᠠᠵᠠᠷ ᠣᠷᠣᠨ ᠵᠢᠴᠢ ᠪᠠᠢᠭ᠎ᠠ ᠬᠣᠱᠢᠭᠤ ᠱᠢᠶᠠᠨ(ᠬᠣᠲᠠ᠂ ᠲᠣᠭᠣᠷᠢᠭ) ᠳ᠋ᠦ ᠣᠴᠢᠬᠤ᠎ᠶ᠋ᠢ ᠴᠢᠩᠭ᠎ᠠ ᠬᠢᠵᠠᠭᠠᠷᠯᠠᠵᠤ᠂ ᠤᠯᠤᠰ᠎ᠤᠨ ᠳᠣᠲᠣᠭᠠᠳᠤ᠎ᠶ᠋ᠢᠨ ᠳᠤᠮᠳᠠ᠂ ᠦᠨᠳᠦᠷ ᠲᠦᠭ᠌ᠰᠢᠭᠦᠷᠢᠲᠡᠶ ᠭᠠᠵᠠᠷ ᠣᠷᠣᠨ᠎ᠤ ᠪᠠᠢᠭ᠎ᠠ ᠠᠢᠮᠠᠭ ᠬᠣᠲᠠ᠎ᠶ᠋ᠢᠨ ᠪᠤᠰᠤᠳ ᠬᠣᠱᠢᠭᠤ ᠱᠢᠶᠠᠨ(ᠬᠣᠲᠠ ᠂ ᠲᠣᠭᠣᠷᠢᠭ ) ᠳ᠋ᠦ ᠤᠴᠢᠬᠤ ᠦᠭᠡᠢ ᠳ᠋ᠦ ᠪᠤᠯᠬᠤ ᠳ᠋ᠦ ᠬᠦᠷᠪᠡᠯ ᠣᠴᠢᠬᠤ ᠦᠭᠡᠢ ᠪᠠᠢᠵᠦ᠂ ᠵᠠᠪᠠᠯ ᠤᠴᠢᠬᠤ ᠴᠢᠬᠤᠯᠠ ᠲᠠᠢ ᠪᠤᠯ ᠬᠤᠪᠢ ᠬᠥᠮᠦᠨ᠎ᠦ ᠬᠠᠮᠠᠭᠠᠯᠠᠯᠲᠠ᠎ᠪᠠᠨ ᠰᠠᠢᠲᠤᠷ ᠬᠢᠵᠦ᠍ ᠂ ᠬᠥᠮᠦᠨ ᠣᠯᠠᠨ ᠭᠠᠵᠠᠷ᠎ᠲᠤ ᠣᠴᠢᠬᠤ᠎ᠠᠴᠠ ᠠᠯᠢ ᠴᠢᠳᠠᠬᠤ᠎ᠪᠠᠷ ᠵᠠᠢᠯᠠᠰᠭᠢᠬᠦ᠌ ᠬᠡᠷᠡᠭ᠌ᠲᠡᠶ ᠃ ᠪᠤᠴᠠᠬᠤ᠎ᠠᠴᠠ᠎ᠪᠠᠨ ᠡᠮᠦᠨ᠎ᠡ᠂ ᠰᠠᠭᠤᠭ᠎ᠠ ᠭᠠᠵᠠᠷ᠎ᠤᠨ᠎ᠢᠶᠠᠨ ᠨᠡᠢᠭᠡᠮ ᠲᠣᠭᠣᠷᠢᠭ (ᠭᠠᠴᠠᠭ᠎ᠠ ᠲᠣᠰᠭᠣᠨ)᠂ ᠪᠠᠢᠭᠤᠯᠭ᠎ᠠ ᠨᠢᠭᠡᠴᠢ᠎ᠳᠦ ᠰᠠᠨᠠᠭᠠᠴᠢᠯᠠᠭ᠎ᠠ ᠠᠴᠠ᠎ᠪᠠᠨ ᠮᠡᠳᠡᠭᠦᠯᠬᠦ᠌ ᠬᠡᠷᠡᠭ᠌ᠲᠡᠶ; ᠪᠤᠴᠠᠵᠤ ᠢᠷᠡᠭ᠌ᠰᠡᠨ᠎ᠦ ᠳᠠᠷᠠᠭ᠎ᠠ ᠬᠠᠷᠢᠶ᠎ᠠ ᠭᠠᠵᠠᠷ᠎ᠤᠨ ᠵᠢᠡᠨ ᠬᠠᠮᠢᠶ᠎ᠠ ᠪᠥᠬᠥᠶ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠳᠤ ᠢᠳᠡᠪᠬᠢᠲᠡᠶ ᠬᠠᠮᠵᠢᠯᠴᠠᠬᠤ ᠬᠡᠷᠡᠭ᠌ᠲᠡᠶ ᠃
ᠳᠥᠷᠪᠡ᠂ ᠮᠠᠨ᠎ᠤ ᠣᠷᠣᠨ᠎ᠤ ᠮᠠᠨᠵᠤᠸ᠋ᠷ ᠬᠣᠲᠠ᠂ ᠡᠷᠭᠦᠨ᠎ᠡ ᠬᠣᠲᠠ ᠂ ᠱᠢᠨ᠎ᠡ ᠪᠠᠷᠭᠤ ᠵᠡᠭᠦᠨ ᠬᠣᠱᠢᠭᠤ ᠂ ᠱᠢᠨ᠎ᠡ ᠪᠠᠷᠭᠤ ᠪᠠᠷᠠᠭᠤᠨ ᠬᠣᠱᠢᠭᠤ᠂ ᠡᠷᠢᠶᠡᠨ ᠬᠣᠲᠠ ᠂ ᠵᠡᠭᠦᠨ ᠦᠵᠦᠮᠦᠴᠢᠨ ᠬᠣᠱᠢᠭᠤ᠂ ᠤᠷᠠᠳ᠎ᠤᠨ ᠳᠤᠮᠳᠠᠳᠤ ᠬᠣᠱᠢᠭᠤ᠂ ᠡᠵᠡᠨ᠎ᠡ ᠬᠣᠱᠢᠭᠤ᠂ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤ᠂ ᠷᠠᠱᠢᠶᠠᠨ ᠬᠣᠲᠠ ᠵᠡᠷᠭᠡ ᠬᠢᠯᠢ᠎ᠶ᠋ᠢᠨ ᠪᠣᠭᠣᠮᠲᠠ᠎ᠶ᠋ᠢᠨ ᠬᠣᠲᠠ᠎ᠳᠤ ᠤᠴᠢᠬᠤ ᠦᠭᠡᠢ ᠳ᠋ᠦ ᠪᠤᠯᠬᠤ ᠳ᠋ᠦ ᠬᠦᠷᠪᠡᠯ ᠤᠴᠢᠬᠤ ᠦᠭᠡᠢ ᠪᠠᠢᠵᠦ᠂ ᠦᠨᠡᠨ ᠬᠦ᠌ ᠣᠴᠢᠬᠤ ᠴᠢᠬᠤᠯᠠ ᠲᠠᠶ ᠪᠣᠯ ᠬᠦᠷᠦᠭ᠌ᠰᠡᠨ᠎ᠦ ᠳᠠᠷᠠᠭ᠎ᠠ ᠨᠠᠭᠠᠳᠤ ᠵᠠᠬ᠎ᠠ᠎ᠳᠠᠭᠠᠨ ᠨᠢᠭᠡ ᠤᠳᠠᠭ᠎ᠠ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠡ ᠬᠢᠬᠦ᠌ ᠬᠡᠷᠡᠭ᠌ᠲᠡᠶ᠃ ᠡᠷᠭᠦᠨ᠎ᠡ ᠬᠣᠲᠠ᠎ᠶ᠋ᠢᠨ ᠾᠧᠢ ᠱᠠᠨ ᠳᠧᠦ ᠪᠠᠯᠭᠠᠰᠤ᠂ ᠰᠢᠪᠡᠬᠡ ᠪᠠᠯᠭᠠᠰᠤ ᠂ ᠱᠢᠨ᠎ᠡ ᠪᠠᠷᠭᠤ ᠵᠡᠭᠦᠨ ᠬᠣᠱᠢᠭᠤᠨ᠎ᠤ ᠡᠪᠦᠳᠦᠭ ᠪᠠᠯᠭᠠᠰᠤ ᠂ ᠱᠢᠨ᠎ᠡ ᠪᠠᠷᠭᠤ ᠪᠠᠷᠠᠭᠤᠨ ᠬᠣᠱᠢᠭᠤᠨ᠎ᠤ ᠠᠷᠤᠬᠠᠱᠢᠶᠠᠲᠤ ᠪᠠᠯᠭᠠᠰᠤ᠂ ᠵᠡᠭᠦᠨ ᠦᠵᠦᠮᠦᠴᠢᠨ ᠬᠣᠱᠢᠭᠤᠨ᠎ᠤ ᠵᠡᠭᠦᠨ ᠬᠠᠲᠠᠪᠴᠢ ᠪᠠᠯᠭᠠᠰᠤ᠂ ᠤᠷᠠᠳ᠎ᠤᠨ ᠳᠤᠮᠳᠠᠳᠤ ᠬᠣᠱᠢᠭᠤᠨ᠎ᠤ ᠭᠠᠬ᠍ᠴᠠᠮᠤᠳᠤ ᠪᠠᠯᠭᠠᠰᠤ᠂ ᠡᠵᠡᠨ᠎ᠡ ᠬᠣᠱᠢᠭᠤᠨ᠎ᠤ ᠴᠡᠬᠡ ᠪᠠᠯᠭᠠᠰᠤ᠂ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ᠎ᠤ ᠮᠠᠨᠳᠤᠯ᠎ᠠ ᠪᠠᠯᠭᠠᠰᠤ ᠵᠡᠷᠭᠡ ᠬᠢᠯᠢ᠎ᠶ᠋ᠢᠨ ᠪᠣᠭᠣᠮᠲᠠ᠎ᠶ᠋ᠢᠨ ᠬᠣᠲᠠ ᠪᠠᠯᠭᠠᠰᠤ᠎ᠶ᠋ᠢᠨ ᠬᠥᠮᠦᠰ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠭᠡᠷᠡᠴᠢ᠎ᠲᠡᠶ ᠪᠠᠢᠬᠤ ᠬᠡᠷᠡᠭ᠌ᠲᠡᠶ ᠃ ᠳᠡᠭᠡᠷᠡᠬᠢ 10 ᠬᠢᠯᠢ᠎ᠶ᠋ᠢᠨ ᠪᠣᠭᠣᠮᠲᠠ᠎ᠶ᠋ᠢᠨ ᠬᠣᠲᠠ ᠡᠴᠠ ᠭᠠᠷᠤᠬᠰᠠᠨ ᠬᠥᠮᠦᠰ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠭᠡᠷᠡᠴᠢ᠎ᠲᠡᠶ ᠪᠠᠢᠬᠤ ᠬᠡᠷᠡᠭ᠌ᠲᠡᠶ᠃ 14 ᠡᠳᠦᠷ᠎ᠦᠨ ᠳᠣᠲᠣᠷ᠎ᠠ ᠳᠡᠭᠡᠷ᠎ᠡ ᠳᠤᠷᠠᠳᠤᠭ᠍ᠰᠠᠨ 10 ᠬᠢᠯᠢ᠎ᠶ᠋ᠢᠨ ᠪᠣᠭᠣᠮᠲᠠ᠎ᠶ᠋ᠢᠨ ᠬᠤᠳᠠ ᠪᠡᠷ ᠬᠦᠷᠦᠭᠰᠡᠨ ᠬᠥᠮᠦᠰ ᠪᠡᠭᠡᠵᠢᠩ᠎ᠳᠦ ᠣᠷᠣᠬᠤ᠎ᠶ᠋ᠢ ᠴᠢᠩᠭ᠎ᠠ ᠬᠢᠵᠠᠭᠠᠷᠯᠠᠨ᠎ᠡ᠃
ᠲᠠᠪᠤ᠂ ᠬᠠᠭᠤᠷᠠᠶ ᠵᠠᠮ᠂ ᠠᠭᠠᠷ᠎ᠤᠨ ᠠᠶᠠᠯᠠᠯ᠎ᠤᠨ ᠪᠣᠭᠣᠮᠲᠠ᠎ᠶ᠋ᠢᠨ ᠬᠢᠯᠢ᠎ᠪᠡᠷ ᠣᠷᠣᠵᠤ ᠢᠷᠡᠬᠦ᠌ ᠬᠥᠮᠦᠰ᠂ ᠡᠳ᠋ ᠪᠣᠳᠠᠰ᠂ ᠣᠷᠴᠢᠨ ᠲᠣᠭᠣᠷᠢᠨ᠎ᠲᠠᠶ ᠣᠢᠷᠠᠳᠤᠬᠰᠠᠨ ᠠᠶᠤᠯ ᠲᠦᠭ᠌ᠰᠢᠭᠦᠷᠢ ᠶᠡᠬᠡᠲᠡᠶ ᠠᠵᠢᠯ᠎ᠤᠨ ᠪᠠᠢᠷᠢ᠎ᠶ᠋ᠢᠨ ᠬᠥᠮᠦᠰ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠂ ᠬᠠᠯᠠᠭᠤᠷᠠᠯ᠎ᠤᠨ ᠡᠭᠦᠳᠡᠨ ᠡᠮᠨᠡᠯᠭᠡ ᠵᠡᠷᠭᠡ ᠠᠶᠤᠯ ᠲᠦᠭ᠌ᠰᠢᠭᠦᠷᠢ ᠶᠡᠬᠡᠲᠡᠶ ᠠᠵᠢᠯ᠎ᠤᠨ ᠪᠠᠢᠷᠢ᠎ᠶ᠋ᠢᠨ ᠬᠥᠮᠦᠰ ᠴᠢᠳᠠᠬᠤ᠎ᠶ᠋ᠢᠨ ᠬᠢᠷᠢ᠎ᠪᠡᠷ ᠭᠠᠳᠠᠭ᠍ᠰᠢ ᠭᠠᠷᠬᠤ᠎ᠠᠴᠠ ᠵᠠᠢᠯᠠᠰᠭᠢᠬᠦ᠌ ᠬᠡᠷᠡᠭ᠌ᠲᠡᠶ᠂ ᠦᠨᠡᠬᠡᠷ ᠭᠠᠳᠠᠭ᠍ᠰᠢ ᠭᠠᠷᠬᠤ ᠴᠢᠬᠤᠯᠠᠲᠠᠶ ᠪᠣᠯ ᠠᠵᠢᠯ᠎ᠤᠨ ᠪᠠᠢᠷᠢ᠎ᠠᠴᠠ᠎ᠪᠠᠨ ᠰᠠᠯᠤᠭᠠᠳ 14 ᠡᠳᠦᠷ᠎ᠡᠴᠡ ᠢᠯᠡᠬᠦᠦ ᠪᠣᠯᠤᠭ᠍ᠰᠠᠨ ᠮᠥᠷᠲᠡᠭᠡᠨ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠭᠡᠷᠡᠴᠢ᠎ᠶ᠋ᠢ ᠬᠠᠩᠭᠠᠬᠤ᠎ᠶ᠋ᠢᠨ ᠬᠠᠮᠲᠤ ᠪᠠᠢᠭ᠎ᠠ ᠨᠢᠭᠡᠴᠢ᠎ᠳᠡᠭᠡᠨ ᠮᠡᠳᠡᠭᠦᠯᠵᠦ᠍ ᠳᠠᠩᠰᠠᠯᠠᠭᠤᠯᠬᠤ ᠬᠡᠷᠡᠭ᠌ᠲᠡᠶ ᠃
ᠵᠢᠷᠭᠤᠭ᠎ᠠ᠂ ᠬᠢᠯᠢ᠎ᠪᠡᠷ ᠣᠷᠣᠵᠤ ᠢᠷᠡᠭ᠌ᠰᠡᠳ᠎ᠦᠨ ᠪᠢᠳᠡᠬᠦᠮᠵᠢᠯᠡᠭᠰᠡᠨ ᠬᠠᠮᠢᠶᠠᠷᠤᠯᠲᠠ᠎ᠶ᠋ᠢ ᠴᠢᠩᠳᠠᠯᠠᠵᠤ᠂ ᠬᠢᠯᠢ᠎ᠪᠡᠷ ᠣᠷᠣᠵᠤ ᠢᠷᠡᠭ᠌ᠰᠡᠳ᠎ᠲᠦ《14 ᠡᠳᠦᠷ ᠲᠥᠪᠯᠡᠷᠡᠭᠦᠯᠦᠨ ᠲᠤᠰᠠᠭᠠᠷᠯᠠᠬᠤ ᠪᠠ 7 ᠡᠳᠦᠷ ᠬᠡᠷ᠎ᠲᠦᠨᠢ ᠲᠤᠰᠠᠭᠠᠷᠯᠠᠬᠤ》 ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ ᠬᠡᠷ᠎ᠲᠦᠨᠢ ᠲᠤᠰᠠᠭᠠᠷᠯᠠᠬᠤ ᠨᠥᠬᠥᠴᠡᠯ᠎ᠳᠦ ᠨᠡᠢᠴᠡᠬᠦ᠌ ᠥᠬᠡᠶ ᠪᠠᠢᠪᠠᠯ ᠴᠥᠮ ᠲᠥᠪᠯᠡᠷᠡᠭᠦᠯᠦᠨ ᠲᠤᠰᠠᠭᠠᠷᠯᠠᠬᠤ᠎ᠶ᠋ᠢ ᠬᠡᠷᠡᠭ᠌ᠵᠢᠭᠦᠯᠵᠦ᠍᠂ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳ᠋ᠡᠬᠢ 1᠂ 4 ᠂ 7 ᠂ 10 ᠂ 14 ᠳ᠋ᠤᠬᠡᠷ ᠡᠳᠦᠷ ᠵᠢᠴᠢ ᠬᠡᠷ᠎ᠲᠦᠨᠢ ᠲᠤᠰᠠᠭᠠᠷᠯᠠᠬᠤ ᠬᠤᠭᠤᠴᠠᠭᠠᠨ ᠳ᠋ᠡᠬᠢ 2᠂ 7 ᠳ᠋ᠤᠭᠠᠷ ᠡᠳᠦᠷ᠎ᠲᠦ ᠲᠣᠰ ᠲᠣᠰ 1 ᠤᠳᠠᠭ᠎ᠠ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠡ ᠬᠢᠨ᠎ᠠ ᠃
ᠳᠣᠯᠣᠭ᠎ᠠ᠂ ᠤᠯᠤᠰ᠎ᠤᠨ ᠳᠣᠲᠣᠭᠠᠳᠤ᠎ᠶ᠋ᠢᠨ ᠳᠤᠮᠳᠠ᠂ ᠦᠨᠳᠦᠷ ᠲᠦᠭ᠌ᠰᠢᠭᠦᠷᠢᠲᠡᠶ ᠭᠠᠵᠠᠷ ᠣᠷᠣᠨ᠎ᠠᠴᠠ ᠮᠠᠨ᠎ᠤ ᠣᠷᠣᠨ᠎ᠳᠤ ᠣᠷᠣᠵᠤ ᠢᠷᠡᠭ᠌ᠰᠡᠨ ᠬᠥᠮᠦᠰ᠎ᠢ ᠰᠢᠭᠰᠢᠨ ᠪᠠᠢᠴᠠᠭᠠᠵᠤ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠦᠨᠳᠦᠷ ᠲᠦᠭ᠌ᠰᠢᠭᠦᠷᠢᠳᠡᠢ ᠭᠠᠵᠠᠷ ᠣᠷᠣᠨ᠎ᠤ ᠪᠠᠢᠭ᠎ᠠ ᠬᠣᠱᠢᠭᠤ ᠱᠢᠶᠠᠨ( ᠬᠣᠲᠠ᠂ ᠲᠣᠭᠣᠷᠢᠭ ) ᠡᠴᠡ ᠮᠠᠨ᠎ᠤ ᠣᠷᠣᠨ᠎ᠳᠤ ᠢᠷᠡᠬᠦ ( ᠪᠤᠴᠠᠬᠤ ) ᠬᠥᠮᠦᠰ᠎ᠲᠦ ᠴᠥᠮ 《14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ᠎ᠶ᠋ᠢᠨ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠡ ᠬᠢᠬᠦ᠌》ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠲᠤᠮᠳᠠ ᠲᠦᠭ᠌ᠰᠢᠭᠦᠷᠢᠲᠡᠶ ᠭᠠᠵᠠᠷ ᠣᠷᠣᠨ᠎ᠤ ᠪᠠᠢᠭ᠎ᠠ ᠬᠣᠱᠢᠭᠤ ᠱᠢᠶᠠᠨ ( ᠬᠣᠲᠠ᠂ ᠲᠣᠭᠣᠷᠢᠭ ) ᠡᠴᠠ ᠮᠠᠨ᠎ᠤ ᠣᠷᠣᠨ᠎ᠳᠤ ᠢᠷᠡᠬᠦ᠌ ( ᠪᠤᠴᠠᠬᠤ ) ᠬᠥᠮᠦᠰ᠎ᠲᠦ ᠴᠥᠮ 《 14 ᠡᠳᠦᠷ᠎ᠲᠦ ᠬᠡᠷ᠎ᠲᠡᠬᠡᠨ ᠲᠤᠰᠠᠭᠠᠷᠯᠠᠬᠤ + 5 ᠤᠳᠠᠭ᠎ᠠ᠎ᠶ᠋ᠢᠨ ᠪᠥᠭᠡᠮ ᠬᠦᠴᠢᠯ᠎ᠦᠨ ᠪᠠᠢᠴᠠᠭᠠᠨ ᠬᠡᠮᠵᠢᠯᠲᠡ ᠬᠢᠬᠦ᠌ 》 ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠡ ᠃
ᠨᠠᠶ᠋ᠮᠠ᠂ ᠡᠯ᠎ᠡ ᠵᠢᠭᠤᠯᠴᠢᠯᠠᠯ᠎ᠤᠨ ᠭᠠᠵᠠᠷ᠂ ᠵᠢᠭᠤᠯᠴᠢᠯᠠᠯ᠎ᠤᠨ ᠠᠵᠤ ᠠᠬᠤᠢᠯᠠᠯ᠎ᠤᠳ᠎ᠤᠨ ᠳᠤᠮᠳᠠ ᠦᠨᠳᠦᠷ ᠲᠦᠭ᠌ᠰᠢᠭᠦᠷᠢᠲᠡᠶ ᠭᠠᠵᠠᠷ ᠣᠷᠣᠨ᠎ᠤ ᠮᠤᠵᠢ ( ᠣᠷᠣᠨ᠂ ᠬᠣᠲᠠ) ᠠᠯᠤᠰᠯᠠᠭ᠍ᠰᠠᠨ ᠪᠦᠯᠬᠦᠮ ᠨᠡᠢᠲᠡ᠎ᠶ᠋ᠢᠨ ᠵᠢᠭᠤᠯᠴᠢᠯᠠᠯ ᠵᠢᠴᠢ《 ᠨᠢᠰᠭᠡᠯ᠎ᠦᠨ ᠪᠢᠯᠧᠲ + ᠪᠠᠭᠤᠳᠠᠯ 》᠎ᠤᠨ ᠲᠤᠬᠠᠢᠯᠠᠭ᠍ᠰᠠᠨ ᠠᠵᠢᠯ᠎ᠢ ᠲᠦᠷ ᠵᠣᠭ᠍ᠰᠣᠭᠠᠵᠤ᠂ ᠡᠬᠡ ᠬᠠᠭᠤᠷᠠᠶ᠎ᠶ᠋ᠢᠨ ᠬᠢᠯᠢ᠎ᠶ᠋ᠢᠨ ᠪᠣᠭᠣᠮᠲᠠ᠎ᠶ᠋ᠢᠨ ᠬᠣᠲᠠ᠎ᠶ᠋ᠢᠨ ᠪᠦᠯᠬᠦᠮ ᠨᠡᠢᠲᠡ᠎ᠶ᠋ᠢᠨ ᠵᠢᠭᠤᠯᠴᠢᠯᠠᠯ ᠵᠢᠴᠢ《 ᠨᠢᠰᠭᠡᠯ᠎ᠦᠨ ᠪᠢᠯᠧᠲ + ᠪᠠᠭᠤᠳᠠᠯ 》᠎ᠤᠨ ᠲᠤᠬᠠᠢᠯᠠᠭ᠍ᠰᠠᠨ ᠠᠵᠢᠯ᠎ᠢ ᠲᠦᠷ ᠵᠣᠭ᠍ᠰᠣᠭᠠᠨ᠎ᠠ ᠃
ᠶᠢᠰᠦ ᠂ ᠬᠠᠯᠠᠭᠤᠷᠠᠵᠤ ᠪᠠᠢᠭ᠎ᠠ ᠡᠪᠡᠳᠴᠢᠲᠡᠨ᠂ ᠡᠷᠡᠭᠦᠯ ᠮᠡᠨᠳᠦ᠍᠎ᠶ᠋ᠢᠨ ᠺᠣᠳ᠋ ᠨᠢ《 ᠱᠢᠷ᠎ᠠ ᠺᠣᠳ᠋ 》ᠪᠤᠯᠤᠬᠰᠠᠨ ᠵᠡᠷᠭᠡ ᠬᠥᠮᠦᠰ ᠬᠤᠪᠢ ᠬᠥᠮᠦᠨ᠎ᠦ ᠰᠡᠷᠭᠡᠢᠯᠡᠨ ᠬᠠᠮᠠᠭᠠᠯᠠᠬᠤ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠪᠠ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠡ᠎ᠵᠢ ᠰᠠᠨᠠᠭᠠᠴᠢᠯᠠᠭ᠎ᠠ ᠡᠴᠡ᠎ᠪᠠᠨ ᠬᠦᠢᠴᠡᠳᠬᠡᠵᠦ᠂ ᠬᠠᠯᠳᠠᠪᠤᠷᠢᠯᠠᠬᠤ ᠲᠦᠭ᠌ᠰᠢᠭᠦᠷᠢ᠎ᠶ᠋ᠢ ᠠᠷᠢᠯᠭᠠᠬᠤ ᠡᠴᠡ ᠡᠮᠦᠨ᠎ᠡ ᠭᠠᠳᠠᠭ᠍ᠰᠢ ᠶᠠᠪᠤᠬᠤ ᠥᠬᠡᠶ᠂ ᠱᠢᠯᠵᠢᠬᠦ᠌ ᠥᠬᠡᠶ᠂ ᠴᠤᠭ᠍ᠯᠠᠷᠠᠬᠤ ᠥᠬᠡᠶ ᠪᠠᠢᠬᠤ ᠬᠡᠷᠡᠭ᠌ᠲᠡᠶ᠃
ᠠᠷᠪᠠ᠂ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠳ ᠰᠤᠷᠭᠠᠭᠤᠯᠢ᠎ᠶ᠋ᠢᠨ ᠡᠪᠦᠯ᠎ᠦᠨ ᠠᠮᠠᠷᠠᠯᠲᠠ᠎ᠶ᠋ᠢᠨ ᠴᠢᠯᠥᠭᠡ ᠲᠠᠯᠪᠢᠬᠤ ᠴᠠᠭ᠎ᠢ ᠱᠢᠯᠢᠳᠡᠭ᠌ᠵᠢᠭᠦᠯᠦᠨ ᠳᠣᠭᠢᠷᠠᠭᠤᠯᠵᠤ᠂ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠵᠦ᠍ ᠰᠤᠷᠭᠠᠭᠤᠯᠢ᠎ᠳᠠᠭᠠᠨ ᠪᠤᠴᠠᠬᠤ ᠴᠠᠭ᠎ᠢ ᠭᠠᠳᠠᠬᠰᠢ ᠭᠠᠷᠬᠤ ᠣᠷᠭᠢᠯ᠎ᠤᠨ ᠬᠤᠭᠤᠴᠠᠭ᠎ᠠ ᠲᠠᠢ ᠵᠥᠷᠢᠭᠦᠯᠦᠨ ᠳᠣᠭᠢᠷᠠᠭᠤᠯᠵᠤ᠂ 《ᠬᠣᠶᠠᠷ ᠪᠠᠶᠠᠷ》᠎ᠤᠨ ᠬᠤᠭᠤᠴᠠᠭᠠᠨ᠎ᠳᠠᠬᠢ ᠰᠤᠷᠭᠠᠭᠤᠯᠢ᠎ᠳᠠᠭᠠᠨ ᠦᠯᠡᠳᠡᠭ᠌ᠰᠡᠨ ᠰᠤᠷᠤᠭ᠍ᠴᠢᠳ᠎ᠤᠨ ᠬᠠᠮᠢᠶᠠᠷᠤᠯᠲᠠ ᠦᠶ᠋ᠯᠡᠴᠢᠯᠡᠭᠡ᠎ᠶ᠋ᠢ ᠰᠠᠢᠲᠤᠷ ᠬᠢᠨ᠎ᠠ᠃ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠬᠤᠳᠠᠯᠳᠤᠭᠠᠨ᠎ᠤ ᠶᠠᠪᠤᠳᠠᠯ᠂ ᠤᠯᠤᠰ᠎ᠤᠨ ᠥᠮᠴᠢᠯᠡᠯ᠎ᠦᠨ ᠡᠳ᠋ ᠬᠦᠷᠦᠩᠭᠡ ᠵᠡᠷᠭᠡ ᠰᠠᠯᠠᠭ᠎ᠠ ᠮᠥᠴᠢᠷ᠎ᠦᠳ ᠠᠵᠤ ᠠᠬᠤᠢᠯᠠᠯ᠎ᠤᠨ ᠠᠮᠠᠷᠠᠯᠲᠠ ᠲᠠᠯᠪᠢᠬᠤ ᠪᠠ ᠠᠵᠢᠯ ᠰᠡᠷᠭᠦᠭᠡᠬᠦ᠌ ᠴᠠᠭ᠎ᠢ ᠵᠦᠢ ᠵᠣᠬᠢᠰᠲᠠᠶ ᠲᠣᠬᠢᠷᠠᠭᠤᠯᠵᠤ᠂ ᠬᠦᠯᠦᠰᠦᠨ ᠠᠵᠢᠯᠴᠢᠨ᠎ᠤ ᠶᠠᠪᠤᠵᠦ ᠰᠠᠭᠤᠬᠤ ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠲᠤᠬᠢᠷᠠᠭᠤᠯᠬᠤ ᠵᠢ ᠬᠥᠲᠥᠯᠥᠨ ᠵᠢᠯᠣᠭᠣᠳᠭᠤ ᠬᠡᠷᠡᠭ᠌ᠲᠡᠶ᠃ ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢᠳ ᠰᠤᠷᠭᠠᠭᠤᠯᠢ᠎ᠳᠠᠭᠠᠨ ᠪᠤᠴᠠᠬᠤ ᠪᠠ ᠠᠵᠢᠯᠳᠠᠨ ᠨᠡᠯᠢᠶᠡᠳ ᠣᠯᠠᠨ ᠪᠠᠢᠭ᠎ᠠ ᠠᠵᠤ ᠠᠬᠤᠢᠯᠠᠯ᠎ᠤᠨ ᠠᠵᠢᠯᠳᠠᠳ ᠠᠵᠢᠯ᠎ᠤᠨ ᠪᠠᠢᠷᠢ᠎ᠳᠠᠭᠠᠨ ᠪᠤᠴᠠᠬᠤ᠎ᠳᠤ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ᠎ᠲᠡᠶ ᠪᠠᠢᠬᠤ ᠬᠡᠷᠡᠭ᠌ᠲᠡᠶ ᠃
ᠠᠷᠪᠠᠨ ᠨᠢᠭᠡ᠂ ᠲᠤᠰ ᠲᠣᠭ᠍ᠲᠠᠭᠠᠯ᠎ᠤᠨ ᠬᠡᠷᠡᠭ᠌ᠵᠢᠭᠦᠯᠬᠦ ᠴᠠᠭ ᠪᠤᠯ ᠳᠠᠷᠤᠮᠠᠯᠯᠠᠨ ᠲᠠᠷᠬᠠᠭᠠᠭ᠍ᠰᠠᠨ ᠡᠳᠦᠷ᠎ᠡᠴᠡ 2022 ᠣᠨ᠎ᠤ 3 ᠰᠠᠷ᠎ᠠ᠎ᠶ᠋ᠢᠨ 15 ᠤ ᠡᠳᠦᠷ ᠬᠦᠷᠲᠡᠯ᠎ᠡ ᠪᠤᠯᠤᠨ᠎ᠠ᠃ ᠬᠡᠷᠪᠡ ᠬᠡᠰᠡᠭ ᠲᠠᠯ᠎ᠠ᠎ᠪᠠᠷ ᠨᠡᠯᠢᠶᠡᠳ ᠶᠡᠬᠡ ᠬᠡᠪᠴᠢᠶ᠎ᠡ᠎ᠲᠡᠶ ᠲᠣᠬᠠᠢ ᠵᠢᠨ ᠭᠠᠵᠠᠷ ᠣᠷᠣᠨ᠎ᠤ ᠴᠤᠭ᠍ᠯᠠᠷᠠᠯ᠎ᠤᠨ ᠴᠢᠨᠠᠷᠲᠠᠶ ᠬᠢᠵᠢᠭ᠎ᠦᠨ ᠪᠠᠢᠳᠠᠯ ᠡᠭᠦᠰᠭᠦ᠎ᠶ᠋ᠢᠨ ᠬᠠᠮᠲᠤ ᠣᠨᠳᠣᠸ᠋ ᠭᠠᠵᠠᠷ᠎ᠲᠤ ᠲᠠᠷᠬᠠᠬᠤ ᠲᠦᠭ᠌ᠰᠢᠭᠦᠷᠢ ᠲᠠᠢ ᠪᠠᠢᠪᠠᠯ᠂ ᠬᠢᠵᠢᠭ᠎ᠦᠨ ᠪᠠᠢᠳᠠᠯ᠎ᠤᠨ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠠᠵᠢᠯ᠎ᠢ ᠰᠠᠢᠲᠤᠷ ᠬᠢᠭ᠌ᠰᠡᠨ ᠰᠠᠭᠤᠷᠢᠨ ᠳᠡᠭᠡᠷ᠎ᠡ ᠬᠥᠮᠦᠰ᠎ᠦᠨ ᠣᠷᠣᠨ ᠪᠦᠰᠡ ᠠᠯᠤᠰᠯᠠᠨ ᠱᠢᠯᠵᠢᠬᠦ᠌ ᠪᠠ ᠲᠦᠭ᠌ᠰᠢᠭᠦᠷᠢᠲᠡᠶ ᠬᠥᠮᠦᠰ᠎ᠢ ᠰᠢᠭᠰᠢᠨ ᠪᠠᠢᠴᠠᠭᠠᠬᠤ ᠵᠡᠷᠭᠡ᠎ᠳᠦ ᠨᠠᠩ ᠴᠢᠩᠭ᠎ᠠ ᠠᠷᠭ᠎ᠠ ᠬᠡᠮᠵᠢᠶ᠎ᠡ ᠠᠪᠬᠤ ᠬᠡᠷᠡᠭ᠌ᠲᠡᠶ ᠃
2021 ᠣᠨ᠎ᠤ 12 ᠰᠠᠷ᠎ᠠ᠎ᠶ᠋ᠢᠨ 31᠎ᠤ ᠡᠳᠦᠷ
ᠢᠷᠡᠯᠳᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠤᠭᠤᠳᠬᠤ ᠭᠠᠵᠠᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃