2022-02-02 08:47:42
2 ᠰᠠᠷ᠎ᠠ᠎ᠶ᠋ᠢᠨ 1᠎ᠤ᠋ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯᠮᠡᠨᠳᠦ᠍ᠶ᠋ᠢᠨᠵᠥᠪᠯᠡᠯᠡᠴᠡᠣᠢᠯᠠᠭᠠᠭ᠍ᠰᠠᠨᠢᠶᠠᠷ᠂ᠴᠠᠭᠠᠨᠰᠠᠷ᠎ᠠ᠎ᠶ᠋ᠢᠨ ᠬᠤᠭᠤᠴᠠᠭᠠᠨ᠎ᠳᠠᠬᠢ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠶ᠋ᠯᠡᠴᠢᠯᠡᠭᠡ᠎ᠶ᠋ᠢ ᠴᠢᠨᠠᠬᠰᠢᠳᠠ ᠲᠡᠭᠦᠯᠳᠡᠷᠵᠢᠭᠦᠯᠵᠦ᠂ ᠥᠷᠭᠡᠨ ᠣᠯᠠᠨ ᠬᠣᠲᠠ᠎ᠶ᠋ᠢᠨ ᠠᠷᠠᠳ᠎ᠤᠨ ᠶᠠᠪᠤᠵᠤ ᠰᠠᠭᠤᠬᠤ᠎ᠳᠤ ᠳᠥᠭᠥᠮ ᠦᠵᠡᠭᠦᠯᠬᠦ᠎ᠵᠢᠨ ᠲᠦᠯᠦᠭᠡ᠂ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠨᠢ ᠪᠥᠭᠡᠮ ᠬᠦᠴᠢᠯ᠎ᠦᠨ ᠪᠠᠢᠴᠠᠭᠠᠯᠲᠠ᠎ᠵᠢᠨ 24 ᠡᠮᠴᠢᠯᠡᠭᠡᠨ᠎ᠦ ᠪᠠᠢᠭᠤᠯᠤᠮᠵᠢ᠎ᠶ᠋ᠢ ᠪᠠᠢᠩᠭᠤ ᠲᠤᠬᠢᠷᠠᠭᠤᠯᠤᠭᠰᠠᠨ ᠪᠦᠭᠡᠳ ᠥᠯᠢᠭᠡᠷ ᠶᠠᠨᠭᠵᠤ ᠠᠪᠬᠤ 17 ᠲᠦᠷ ᠴᠠᠭ᠎ᠤᠨ ᠴᠡᠭ᠎ᠢ ᠨᠠᠮᠠᠨ ᠲᠤᠬᠢᠷᠠᠭᠤᠯᠵᠤ ᠪᠠᠢᠴᠠᠭᠠᠯᠲᠠ᠎ᠵᠢᠨ ᠦᠶ᠋ᠯᠡᠴᠢᠯᠡᠭᠡ ᠬᠠᠩᠭᠠᠭ᠍ᠰᠠᠨ ᠰᠠᠭᠤᠷᠢᠨ ᠳᠡᠭᠡᠷ᠎ᠡ᠂ ᠬᠥᠬᠡᠬᠣᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶ᠎ᠠ᠂ ᠬᠥᠬᠡᠬᠣᠲᠠ᠎ᠶ᠋ᠢᠨ ᠬᠣᠶᠠᠳᠤᠭᠠᠷ ᠡᠮᠨᠡᠯᠭᠡ᠎ᠶ᠋ᠢᠨ ᠬᠣᠷᠢᠶ᠎ᠠ᠂ ᠬᠥᠬᠡᠬᠣᠲᠠ᠎ᠶ᠋ᠢᠨ ᠮᠣᠩᠭᠣᠯ ᠬᠢᠲᠠᠳ ᠡᠮᠨᠡᠯᠭᠡ᠎ᠶ᠋ᠢᠨ ᠬᠣᠷᠢᠶ᠎ᠠ᠂ ᠬᠥᠬᠡᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ᠎ᠶ᠋ᠢᠨ ᠬᠣᠷᠢᠶ᠎ᠠ ᠵᠡᠷᠭᠡ ᠬᠣᠲᠠ᠎ᠶ᠋ᠢᠨ ᠬᠠᠷᠢᠶ᠎ᠠ ᠳᠥᠷᠪᠡᠨ ᠡᠮᠨᠡᠯᠭᠡ᠎ᠶ᠋ᠢᠨ ᠬᠣᠷᠢᠶ᠎ᠠ ᠵᠢ ᠪᠠᠢᠩᠭᠤ ᠲᠤᠬᠢᠷᠠᠭᠤᠯᠬᠤ᠎ᠵᠢᠨ ᠬᠠᠮᠲᠤ ᠪᠠᠰᠠ ᠳᠥᠷᠪᠡᠨ ᠡᠮᠨᠡᠯᠭᠡ᠎ᠶ᠋ᠢᠨ ᠬᠣᠷᠢᠶᠠᠨ᠎ᠤ ᠰᠦᠯᠵᠢᠶᠡᠨ ᠳᠡᠭᠡᠷᠡᠬᠢ ᠪᠥᠭᠡᠮ ᠬᠦᠴᠢᠯ᠎ᠦᠨ ᠪᠠᠢᠴᠠᠭᠠᠯᠲᠠ᠎ᠵᠢ ᠤᠷᠢᠳᠴᠢᠯᠠᠨ ᠪᠤᠯᠵᠤᠬᠤ ᠲᠣᠭ᠎ᠠ᠎ᠶ᠋ᠢ ᠬᠢᠵᠠᠭᠠᠷᠯᠠᠬᠤ ᠥᠬᠡᠶ ᠪᠣᠯᠭᠠᠪᠠ᠃
2022 ᠣᠨ᠎ᠤ 1 ᠰᠠᠷ᠎ᠠ᠎ᠶ᠋ᠢᠨ 30᠎ᠤ᠋ ᠡᠳᠦᠷ᠎ᠡᠴᠡ ᠡᠬᠢᠯᠡᠨ᠂ ᠬᠣᠲᠠ᠎ᠶ᠋ᠢᠨ ᠠᠷᠠᠳ ᠰᠦᠯᠵᠢᠶᠡᠨ ᠳᠡᠭᠡᠷᠡᠬᠢ ᠤᠷᠢᠳᠴᠢᠯᠠᠨ ᠪᠤᠯᠵᠤᠭᠰᠠᠨ ᠬᠥᠮᠦᠨ᠎ᠤ ᠲᠤᠭ᠎ᠠ ᠳᠦᠭᠦᠷᠦᠭᠰᠡᠨ ᠪᠠᠢᠪᠠᠯ᠂ ᠳᠡᠭᠡᠷᠡᠬᠢ ᠳᠥᠷᠪᠡᠨ ᠡᠮᠨᠡᠯᠭᠡ᠎ᠶ᠋ᠢᠨ ᠬᠣᠷᠢᠶ᠎ᠠ᠎ᠶ᠋ᠢᠨ ᠲᠤᠬᠢᠷᠠᠭᠤᠯᠤᠭᠰᠠᠨ ᠭᠤᠷᠪᠠᠳᠠᠬᠢ ᠡᠲᠡᠭᠡᠳ᠎ᠦᠨ ᠪᠠᠢᠴᠠᠭᠠᠯᠲᠠ᠎ᠵᠢᠨ ᠪᠠᠢᠭᠤᠯᠤᠮᠵᠢ᠎ᠶ᠋ᠢᠨ ᠥᠯᠢᠭᠡᠷ ᠶᠠᠨᠭᠵᠤ ᠠᠪᠬᠤ ᠴᠡᠭ᠎ᠦᠨ ᠵᠢᠵᠢᠭ ᠫᠷᠤᠭ᠌ᠷᠠᠮ᠎ᠳᠤ ᠣᠷᠣᠵᠤ ᠦᠷᠭᠦᠯᠵᠢᠯᠡᠨ ᠤᠷᠢᠳᠴᠢᠯᠠᠨ ᠪᠣᠯᠵᠣᠵᠤ ᠪᠣᠯᠤᠨ᠎ᠠ᠃ ᠲᠠᠷᠤᠢ᠂ ᠬᠥᠬᠡᠬᠣᠲᠠ᠎ᠶ᠋ᠢᠨ ᠡᠮᠴᠢᠯᠡᠭᠡᠨ᠎ᠦ ᠵᠢᠷᠭᠢᠶ᠎ᠡ᠎ᠵᠢᠨ ᠤᠯᠠᠨ ᠨᠡᠢᠲᠡ᠎ᠵᠢᠨ ᠲᠠᠪᠴᠠᠩ ᠪᠤᠶᠤ ᠵᠢᠵᠢᠭ ᠫᠷᠤᠭ᠌ᠷᠠᠮ᠎ᠢᠶᠠᠷ ᠳᠠᠮᠵᠢᠭᠤᠯᠤᠨ ᠦᠯᠢᠭᠡᠷ ᠶᠠᠩᠵᠤ ᠠᠪᠬᠤᠦᠢᠯᠡᠴᠢᠯᠡᠬᠡ ᠵᠢ ᠤᠷᠢᠳᠴᠢᠯᠠᠨ ᠪᠣᠯᠵᠣᠵᠤ ᠪᠣᠯᠤᠨ᠎ᠠ᠃ ᠥᠷᠭᠡᠨ ᠣᠯᠠᠨ ᠬᠣᠲᠠ᠎ᠶ᠋ᠢᠨ ᠠᠷᠠᠳ ᠬᠤᠪᠢ ᠬᠥᠮᠦᠨ᠎ᠦ ᠬᠡᠷᠡᠭ᠌ᠴᠡᠭᠡ᠎ᠪᠡᠨ ᠦᠨᠳᠦᠰᠦᠯᠡᠨ᠂ ᠨᠡᠢᠲᠡᠯᠡᠭ᠌ᠰᠡᠨ ᠪᠣᠶ ᠪᠥᠬᠥᠶ ᠪᠥᠭᠡᠮ ᠬᠦᠴᠢᠯ᠎ᠦᠨ ᠪᠠᠢᠴᠠᠭᠠᠯᠲᠠ᠎ᠵᠢᠨ ᠡᠮᠴᠢᠯᠡᠭᠡᠨ᠎ᠦ ᠪᠠᠢᠭᠤᠯᠤᠮᠵᠢ᠎ᠠᠴᠠ ᠣᠢᠷ᠎ᠠ ᠬᠠᠪᠢ᠎ᠶ᠋ᠢᠨ ᠪᠠᠢᠭᠤᠯᠤᠮᠵᠢ᠎ᠶ᠋ᠢ ᠰᠣᠩᠭᠣᠨ ᠪᠠᠢᠴᠠᠭᠠᠯᠲᠠ ᠬᠢᠵᠦ᠂ ᠱᠢᠬᠠᠯᠳᠤᠨ ᠪᠥᠭᠡᠮᠨᠡᠷᠡᠵᠦ ᠶᠠᠪᠤᠵᠤ ᠰᠠᠭᠤᠬᠤ᠎ᠳᠤ ᠳᠥᠭᠥᠮ ᠦᠭᠡᠢ ᠪᠤᠯᠬᠤ ᠡᠴᠡ ᠵᠠᠢᠯᠠᠰᠭᠢᠪᠡᠯ ᠵᠤᠬᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃