2022-02-08 09:36:00
ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ᠍ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ᠎ᠤᠨ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭ᠌ᠳᠡᠬᠦᠨ᠎ᠢ ᠳᠡᠯᠭᠡᠨ ᠪᠣᠷᠣᠯᠠᠭᠤᠯᠬᠤ ᠲᠥᠪ᠎ᠤᠨ ᠬᠢᠨ ᠳᠡᠭᠡᠳᠦ ᠱᠠᠲᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠨᠡᠩ ᠰᠠᠢᠲᠤᠷ ᠪᠠᠲᠤᠯᠠᠵᠤ᠂ ᠪᠠᠷᠠᠭᠠᠨ᠎ᠤ ᠦᠨ᠎ᠡ᠎ᠶ᠋ᠢ ᠴᠢᠷᠮᠠᠢᠨ ᠲᠣᠭ᠍ᠲᠠᠪᠤᠷᠢᠵᠢᠭᠤᠯᠵᠤ ᠪᠤᠢ᠃
ᠣᠢᠷ᠎ᠠ᠎ᠶ᠋ᠢᠨ ᠡᠳᠦᠷ᠎ᠦᠳ᠎ᠲᠦ᠂ ᠳᠡᠯᠭᠡᠨ ᠪᠣᠷᠣᠯᠠᠭᠤᠯᠬᠤ ᠲᠥᠪ᠎ᠤᠨ ᠬᠢᠨ ᠬᠥᠬᠡᠬᠣᠲᠠ᠎ᠶ᠋ᠢᠨ ᠲᠠᠷᠢᠶᠠᠯᠠᠩ ᠦᠶ᠋ᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ ᠦᠶ᠋ᠯᠡᠴᠢᠯᠡᠵᠦ᠍ ᠪᠠᠢᠭ᠎ᠠ 100 ᠱᠢᠬᠠᠮ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳᠢ ᠳᠠᠢᠴᠢᠯᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠴᠠᠭ ᠲᠤᠬᠠᠶ᠎ᠳᠤᠨᠢ᠂ ᠲᠣᠭ᠍ᠲᠠᠭᠤᠨ ᠦᠨ᠎ᠡ᠎ᠪᠡᠷ ᠬᠠᠩᠭᠠᠬᠤ᠎ᠶ᠋ᠢ ᠬᠦᠴᠦᠯᠡᠨ ᠪᠠᠲᠤᠯᠠᠵᠤ ᠪᠠᠢᠨ᠎ᠠ᠃ ᠤᠢᠯᠠᠭᠠᠭᠰᠠᠨ ᠵᠢᠡᠷ᠂ ᠬᠢᠵᠢᠭ᠎ᠦᠨ ᠬᠤᠭᠤᠴᠠᠭᠠᠨ᠎ᠳᠤ ᠳᠡᠯᠭᠡᠨ ᠪᠣᠷᠣᠯᠠᠭᠤᠯᠬᠤ ᠲᠥᠪ᠎ᠢᠶᠡᠷ ᠳᠠᠮᠵᠢᠨ ᠨᠡᠢᠲᠡ 30 ᠭᠠᠷᠤᠶ ᠵᠦᠶ᠋ᠯ᠎ᠦᠨ 6000 ᠵᠢᠩ ᠢᠳᠡᠱᠢᠨ ᠨᠣᠭᠣᠭ᠎ᠠ ᠵᠢ ᠪᠣᠷᠣᠯᠠᠭᠤᠯᠵᠤ᠂ ᠠᠮᠤ ᠪᠤᠳᠠᠭ᠎ᠠ ᠭᠤᠯᠢᠷ ᠲᠣᠰᠣ᠎ᠶ᠋ᠢ 2000 ᠭᠠᠷᠤᠶ ᠵᠢᠩ ᠪᠣᠷᠣᠯᠠᠭᠤᠯᠵᠤ᠂ ᠮᠢᠬ᠎ᠠ᠂ ᠵᠢᠭᠦᠷᠲᠡᠨ᠂ ᠥᠨᠳᠡᠭᠡ᠎ᠶ᠋ᠢᠨ ᠲᠥᠷᠥᠯ᠎ᠢ 1500 ᠵᠢᠩ ᠪᠤᠷᠤᠯᠠᠭᠤᠯᠤᠭᠰᠠᠨ ᠪᠠᠢᠨ᠎ᠠ᠃ ᠪᠣᠢ ᠪᠦᠬᠦᠢ ᠪᠦᠲᠦᠭᠡᠭ᠌ᠳᠡᠬᠦᠨ᠎ᠢ ᠪᠦᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭᠰᠠᠳᠤᠨ ᠰᠠᠭᠤᠷᠢᠨ᠎ᠠᠴᠠ ᠱᠢᠭᠤᠳ ᠳᠡᠯᠭᠡᠨ ᠪᠣᠷᠣᠯᠠᠭᠤᠯᠬᠤ ᠲᠥᠪ᠎ᠲᠦ ᠬᠦᠷᠭᠡᠵᠦ᠂ ᠠᠮᠤᠷ ᠲᠦᠪᠱᠢᠨ᠎ᠢ ᠪᠠᠲᠤᠯᠠᠭᠰᠠᠨ ᠮᠦᠷᠲᠡᠭᠡᠨ ᠪᠦᠷ ᠵᠠᠬ᠎ᠠ ᠳᠡᠯᠭᠡᠭᠦᠷ᠎ᠦᠨ ᠵᠢᠵᠢᠭ᠌ᠯᠡᠨ ᠬᠤᠳᠠᠯᠳᠤᠬᠤ ᠦᠨ᠎ᠡ᠎ᠡᠴᠡ ᠳᠤᠤᠷ᠎ᠠ ᠦᠨ᠎ᠡ ᠪᠡᠷ ᠬᠤᠳᠠᠯᠳᠤᠭᠰᠠᠨ ᠪᠠᠢᠨ᠎ᠠ᠃
ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠳᠡᠯᠭᠡᠨ ᠪᠣᠷᠣᠯᠠᠭᠤᠯᠬᠤ ᠲᠥᠪ᠎ᠤᠨ ᠬᠢᠨ ᠪᠣᠷᠣᠯᠠᠭᠤᠯᠭ᠎ᠠ᠎ᠶ᠋ᠢᠨ ᠬᠡᠮᠵᠢᠶ᠎ᠡ᠂ ᠬᠥᠮᠥᠷᠭᠡᠯᠡᠯᠲᠡ ᠵᠢᠨ ᠬᠡᠮᠵᠢᠶ᠎ᠡ᠂ ᠪᠠᠷᠠᠭᠠᠨ᠎ᠤ ᠢᠷᠡᠯᠲᠡ᠂ ᠦᠨ᠎ᠡ ᠬᠠᠩᠰᠢ᠎ᠶ᠋ᠢᠨ ᠬᠡᠯᠪᠡᠯᠵᠡᠯᠲᠡ ᠵᠡᠷᠭᠡ ᠭᠤᠤᠯᠳᠠᠯᠭ᠎ᠠ᠎ᠲᠠᠶ ᠮᠡᠳᠡᠭᠡ ᠵᠠᠩᠭᠢ᠎ᠵᠢ ᠡᠳᠦᠷᠪᠦᠷᠢ ᠬᠢᠨᠠᠨ ᠬᠡᠮᠵᠢᠵᠦ᠂ᠡᠳᠦᠷ ᠪᠦᠷᠢ ᠳ᠋ᠤ ᠲᠤᠬᠢᠷᠠᠭᠤᠯᠬᠤ ᠲᠦᠷᠢᠮ᠎ᠢ ᠪᠠᠷᠢᠮᠳᠠᠯᠠᠵᠤ ᠪᠤᠢ᠃ ᠲᠤᠰ ᠲᠦᠪ᠎ᠤᠨ ᠬᠢᠨ ᠪᠠᠰᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠴᠢ ᠵᠢᠨ ᠰᠠᠢᠨ ᠳᠤᠷᠠᠴᠤᠤᠯ᠎ᠤᠨ ᠡᠩᠨᠡᠭᠡ᠎ᠲᠡᠶ ᠬᠣᠯᠪᠣᠭᠠᠯᠠᠨ᠂ ᠴᠢᠬᠤᠯᠠ ᠲᠠᠸᠠᠷ᠎ᠤᠨ ᠬᠠᠩᠭᠠᠯᠭ᠎ᠠ᠎ᠶ᠋ᠢ ᠪᠠᠲᠤᠯᠠᠬᠤ ᠪᠡᠯᠡᠳᠭᠡᠯ ᠲᠥᠰᠦᠯ᠎ᠢ ᠤᠷᠢᠳᠴᠢᠯᠠᠨ ᠰᠠᠢᠲᠤᠷ ᠬᠢᠵᠦ᠍᠂ ᠨᠠᠩ ᠣᠯᠠᠨ ᠦᠯᠦ ᠬᠦᠷᠦᠯᠴᠡᠬᠦ᠌ ᠬᠡᠯᠪᠡᠷᠢ ᠪᠡᠷ ᠲᠣᠬᠢᠷᠠᠭᠤᠯᠤᠨ ᠬᠦᠷᠭᠡᠬᠦ ᠠᠷᠭ᠎ᠠ ᠵᠢ ᠳᠡᠯᠭᠡᠷᠡᠭᠦᠯᠵᠦ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠱᠢᠯᠵᠢᠭᠦᠯᠦᠨ ᠲᠡᠭᠡᠭᠡᠪᠦᠷᠢᠯᠡᠬᠦ᠌ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ᠎ᠢ ᠰᠠᠢᠲᠤᠷ ᠬᠢᠵᠦ᠍᠂ ᠠᠷᠠᠳ ᠤᠯᠠᠨ ᠳ᠋ᠤ ᠰᠠᠢᠲᠤᠷ ᠦᠢᠯᠡᠴᠢᠯᠡᠨ᠂ ᠬᠢᠵᠢᠭ᠎ᠲᠡᠶ ᠲᠡᠮᠡᠴᠡᠬᠦ᠌᠎ᠳᠦ ᠬᠤᠪᠢ ᠨᠡᠮᠡᠷᠢ ᠦᠵᠡᠭᠦᠯᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃