ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-08 10:34:28

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭ᠎ᠠ ᠨᠢᠭᠡᠨᠲᠡ ᠳᠠᠭᠤᠰᠴᠤ᠌᠂ 2 ᠰᠠᠷ᠎ᠠ ᠶ᠋ᠢᠨ 7 ᠎ᠤ ᠡᠳᠦᠷ ᠡᠴᠡ ᠡᠬᠢᠯᠡᠨ ᠠᠵᠢᠯᠯᠠᠬᠤ ᠪᠣᠯᠤᠯ᠎ᠠ᠃ ᠥᠪᠡᠷᠲᠡᠭᠡᠨ ᠵᠠᠰᠠᠬᠤ ᠣᠷᠣᠨ ᠎ᠤ ᠡᠪᠡᠳᠴᠢᠨ ᠡᠮᠭᠡᠭ ᠎ᠢ ᠰᠡᠷᠭᠡᠢᠯᠡᠨ ᠡᠵᠡᠮᠳᠡᠬᠦ᠌ ᠲᠤᠰᠭᠠᠶ ᠮᠡᠷᠭᠡᠵᠢᠯᠲᠡᠨ ᠡᠴᠡ ᠬᠣᠲᠠ᠎ᠶ᠋ᠢᠨ ᠠᠷᠠᠳ᠎ᠲᠤ ᠥᠪᠡᠷ᠎ᠦᠨ ᠪᠡᠶ᠎ᠡ᠎ᠶ᠋ᠢᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠪᠠᠨ ᠰᠠᠢᠲᠤᠷ ᠬᠢᠵᠦ᠍᠂ ᠡᠪᠡᠳᠴᠢᠨ ᠎ᠤ ᠢᠯᠡᠷᠡᠯ ᠲᠡᠢ ᠪᠤᠯ ᠪᠦᠦ ᠠᠵᠢᠯᠯᠠᠭᠠᠷᠠᠢ ᠭᠡᠵᠦ᠍ ᠰᠠᠨᠠᠭᠤᠯᠪᠠ᠃ ᠭᠠᠳᠠᠷ ᠣᠷᠣᠨ᠎ᠳᠤ ᠵᠢᠭᠤᠯᠴᠢᠯᠠᠬᠰᠠᠨ ᠪᠤᠶᠤ ᠶᠠᠪᠤᠵᠤ ᠰᠠᠭᠤᠭ᠍ᠰᠠᠨ ᠦᠩᠭᠡᠷᠡᠯᠳᠡ᠎ᠲᠡᠶ ᠬᠥᠮᠦᠰ ᠨᠤᠲᠤᠭ ᠪᠤᠶᠤ ᠠᠵᠢᠯᠯᠠᠵᠤ ᠪᠠᠢᠭ᠎ᠠ ᠭᠠᠵᠠᠷ᠎ᠲᠠᠭᠠᠨ ᠪᠤᠴᠠᠵᠤ ᠢᠷᠡᠪᠡᠯ ᠰᠠᠭᠤᠵᠤ ᠪᠠᠢᠭ᠎ᠠ ᠨᠡᠢᠭᠡᠮ ᠲᠣᠭᠣᠷᠢᠭ ᠲᠠᠭᠠᠨ ᠰᠠᠨᠠᠭᠠᠴᠢᠯᠠᠭ᠎ᠠ᠎ᠡᠴᠠ᠎ᠪᠠᠨ ᠮᠡᠳᠡᠭᠦᠯᠦᠨ ᠳᠠᠩᠰᠠᠯᠠᠭᠤᠯᠵᠤ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠬᠥᠮᠦᠰ ᠪᠠ ᠨᠡᠢᠭᠡᠮ ᠲᠣᠭᠣᠷᠢᠭ᠎ᠤᠨ ᠲᠠᠬᠤᠯ ᠡᠪᠡᠳᠴᠢᠨ᠎ᠦ ᠪᠠᠢᠴᠠᠭᠠᠯᠲᠠ᠎ᠶ᠋ᠢᠨ ᠠᠵᠢᠯ᠎ᠳᠤ ᠬᠠᠮᠵᠢᠯᠴᠠᠵᠤ᠂ ᠪᠥᠭᠡᠮ ᠬᠦᠴᠢᠯ᠎ᠦᠨ ᠪᠠᠢᠴᠠᠭᠠᠯᠲᠠ ᠵᠢ ᠴᠠᠭ ᠲᠤᠬᠠᠶ ᠎ᠳᠤᠨᠢ ᠰᠠᠨᠠᠭᠠᠴᠢᠯᠠᠭ᠎ᠠ᠎ᠡᠴᠠ᠎ᠪᠠᠨ ᠬᠢᠬᠦ᠌ ᠬᠡᠷᠡᠭ᠌ᠲᠡᠶ ᠭᠡᠪᠡ᠃

ᠬᠠᠮᠢᠶ᠎ᠠ ᠪᠦᠬᠦᠢ ᠲᠤᠰᠭᠠᠶ ᠮᠡᠷᠭᠡᠵᠢᠯᠲᠡᠨ᠄ ᠬᠣᠲᠠ᠎ᠶ᠋ᠢᠨ ᠠᠷᠠᠳ ᠥᠪᠡᠷ᠎ᠦᠨ ᠪᠡᠶ᠎ᠡ ᠵᠢᠴᠢ ᠬᠡᠷ᠎ᠦᠨ ᠬᠥᠮᠦᠰ᠎ᠦᠨ᠎ᠢᠶᠡᠨ ᠪᠡᠶ᠎ᠡ᠎ᠶ᠋ᠢᠨ ᠪᠠᠢᠳᠠᠯ ᠎ᠢ ᠨᠢᠭ᠍ᠲᠠ ᠠᠩᠬᠠᠷᠴᠤ᠌᠂ ᠤᠨᠴᠠᠭᠠᠢᠢᠯᠠᠨ ᠭᠠᠳᠠᠭᠰᠢ ᠭᠠᠷᠴᠤ ᠵᠢᠭᠤᠯᠴᠢᠯᠠᠭᠰᠠᠨ ᠬᠦᠮᠦᠰ ᠥᠪᠡᠷ᠎ᠦᠨ ᠪᠡᠶ᠎ᠡ᠎ᠶ᠋ᠢᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠪᠡᠨ ᠨᠠᠩ ᠰᠠᠢᠲᠤᠷ ᠬᠢᠬᠦ᠌ ᠬᠡᠷᠡᠭ᠌ᠲᠡᠶ᠂ ᠵᠢᠱ᠌ᠢᠶᠡᠯᠡᠪᠡᠯ ᠬᠠᠯᠠᠭᠤᠷᠠᠬᠤ᠂ ᠬᠠᠭᠤᠷᠠᠶ᠎ᠪᠠᠷ ᠬᠠᠨᠢᠶᠠᠯᠭᠠᠬᠤ᠂ ᠰᠠᠭᠤᠯᠭᠠᠬᠤ ᠵᠡᠷᠭᠡ ᠡᠪᠡᠳᠴᠢᠨ᠎ᠦ ᠢᠯᠡᠷᠡᠯ ᠭᠠᠷᠪᠠᠯ᠂ ᠴᠠᠭ ᠲᠤᠬᠠᠶ᠎ᠳᠤᠨᠢ ᠡᠮᠴᠢᠯᠡᠬᠡᠨ᠎ᠤ ᠠᠮᠠᠪᠴᠢ ᠵᠡᠭᠦᠵᠦ᠍ ᠣᠢᠷ᠎ᠠ ᠬᠠᠪᠢ ᠎ᠶ᠋ᠢᠨ ᠬᠠᠯᠠᠭᠤᠷᠠᠯ ᠎ᠤᠨ ᠡᠭᠦᠳᠡᠨ ᠡᠮᠨᠡᠯᠭᠡ᠎ᠳᠦ᠎ᠬᠦᠷᠴᠦ᠍᠂᠎ᠡᠮᠴᠢ᠎ᠳ᠋ᠤ ᠦᠪᠡᠷ᠎ᠤᠨ ᠵᠢᠭᠤᠯᠴᠢᠯᠠᠯ᠎ᠤᠨ ᠦᠩᠭᠡᠷᠡᠯᠳᠡ᠂ ᠣᠢᠷᠠᠲᠤᠭ᠍ᠰᠠᠨ ᠦᠩᠭᠡᠷᠡᠯᠳᠡ ᠵᠡᠷᠭᠡ ᠪᠠᠢᠳᠠᠯ ᠵᠢᠨᠨ ᠰᠠᠨᠠᠭᠠᠴᠢᠯᠠᠭ᠎ᠠ᠎ᠠᠴᠠ᠎ᠪᠠᠨ ᠮᠡᠳᠡᠭ᠌ᠳᠡᠵᠦ᠍᠂ ᠪᠠᠢᠴᠠᠭᠠᠬᠤ᠎ᠳᠤ ᠲᠥᠬᠥᠮ ᠦᠵᠡᠬᠦᠯᠬᠦ ᠬᠡᠷᠡᠭ᠌ᠲᠡᠶ᠃ ᠡᠪᠡᠳᠴᠢᠯᠡᠭ᠌ᠰᠡᠨ ᠪᠠᠢᠳᠠᠯ ᠵᠢᠴᠢ ᠵᠢᠭᠤᠯᠴᠢᠯᠠᠭ᠍ᠰᠠᠨ ᠦᠩᠭᠡᠷᠡᠯᠳᠡ᠂ ᠣᠢᠷᠠᠲᠤᠭ᠍ᠰᠠᠨ ᠦᠩᠭᠡᠷᠡᠯᠳᠡ᠎ᠪᠡᠨ ᠪᠠᠢᠭᠤᠯᠭ᠎ᠠ ᠨᠢᠭᠡᠴᠢ ᠳ᠋ᠤ᠌ ᠰᠠᠨᠠᠭᠠᠴᠢᠯᠠᠭ᠎ᠠ᠎ᠡᠴᠠ᠎ᠪᠠᠨ ᠮᠡᠳᠡᠭᠦᠯᠬᠦ᠌ ᠬᠡᠷᠡᠭ᠌ᠲᠡᠶ᠂ ᠡᠪᠡᠳᠴᠢᠨ᠎ᠤ ᠢᠯᠡᠷᠡᠯ ᠲᠠᠢ ᠪᠤᠯ ᠠᠵᠢᠯᠯᠠᠵᠤ ᠪᠣᠯᠬᠤ ᠦᠭᠡᠶ᠂ ᠣᠷᠣᠨ᠎ᠤ ᠭᠠᠳᠠᠨ᠎ᠠ᠂ ᠬᠢᠯᠢ᠎ᠶ᠋ᠢᠨ ᠭᠠᠳᠠᠨ᠎ᠠ᠎ᠠᠴᠠ ᠢᠷᠡᠭ᠌ᠰᠡᠨ ᠲᠥᠷᠥᠯ ᠰᠠᠳᠤᠨ ᠨᠠᠢᠵᠠ᠎ᠨᠠᠷ᠎ᠲᠠᠶ᠎ᠪᠠᠨ ᠠᠭᠤᠯᠵᠠᠬᠤ᠎ᠶ᠋ᠢ ᠶᠠᠭᠠᠷᠠᠵᠤ ᠪᠣᠯᠬᠤ ᠦᠭᠡᠶ ᠭᠡᠵᠦ ᠰᠠᠨᠠᠭᠤᠯᠪᠠ᠃

ᠡᠭᠦᠨ᠎ᠡᠴᠡ ᠭᠠᠳᠠᠨ᠎ᠠ᠂ ᠬᠤᠪᠢ ᠬᠥᠮᠦᠨ᠎ᠦ ᠡᠷᠡᠭᠦᠯ ᠬᠠᠮᠠᠭᠠᠯᠠᠯ᠎ᠢ ᠴᠠᠭ ᠢᠮᠠᠭ᠍ᠲᠠ ᠠᠩᠬᠠᠷᠴᠤ᠌᠂ ᠱᠢᠨᠵᠢᠯᠡᠬᠦ᠌ ᠤᠬᠠᠭᠠᠨᠴᠢ᠎ᠪᠠᠷ ᠠᠮᠠᠪᠴᠢ ᠵᠡᠭᠦᠵᠦ᠍᠂ ᠭᠠᠷ᠎ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠌᠂ ᠴᠤᠭ᠍ᠯᠠᠷᠠᠬᠤ ᠥᠬᠡᠶ᠂ ᠬᠠᠨᠢᠶᠠᠬᠤ᠎ᠳᠠᠭᠠᠨ ᠬᠢᠴᠢᠶᠡᠨ ᠪᠤᠯᠭᠤᠮᠵᠢᠯᠠᠵᠦ᠂ ᠪᠤᠰᠤᠳ ᠲᠡᠶ 1 ᠮᠧᠲ᠋ᠷ᠎ᠡᠴᠡ ᠳᠡᠭᠡᠭ᠌ᠰᠢ ᠨᠡᠢᠭᠡᠮ᠎ᠦᠨ ᠬᠠᠷᠢᠯᠴᠠᠭᠠᠨ᠎ᠤ ᠵᠠᠶ᠎ᠲᠠᠶ ᠪᠠᠢᠬᠤ ᠵᠡᠷᠭᠡ᠎ᠶ᠋ᠢ ᠪᠡᠶᠡᠯᠡᠭᠦᠯᠵᠦ᠍᠂ ᠭᠠᠳᠠᠭ᠍ᠰᠢ ᠭᠠᠷᠬᠤ ᠳ᠋ᠤ ᠭᠠᠷ ᠤᠬᠢᠶᠠᠬᠤ᠎ᠳᠤ ᠳᠦᠭᠦᠮ ᠦᠭᠡᠢ ᠪᠣᠯ ᠠᠷᠢᠭᠤᠳᠭᠠᠬᠤ ᠱᠢᠩᠭᠡᠨ ᠠᠪᠴᠤ᠌ ᠶᠠᠪᠤᠨ᠎ᠠ᠃ ᠭᠠᠳᠠᠭ᠍ᠰᠢ ᠭᠠᠷᠴᠤ᠌ ᠬᠣᠭᠣᠯᠠ ᠢᠳᠡᠬᠦ᠌᠎ᠳᠡᠭᠡᠨ ᠨᠡᠢᠲᠡ᠎ᠶ᠋ᠢᠨ ᠬᠠᠯᠪᠠᠭ᠎ᠠ ᠰᠠᠪᠬ᠎ᠠ ᠬᠡᠷᠡᠭ᠌ᠯᠡᠬᠦ᠌᠎ᠶ᠋ᠢ ᠰᠠᠨᠠᠭᠤᠯᠤᠶ᠎ᠠ᠃ ᠨᠤᠢᠷ ᠭᠦᠶ᠋ᠴᠡᠳ ᠪᠠᠢᠬᠤ ᠶ᠋ᠢ ᠪᠠᠲᠤᠯᠠᠵᠤ᠂ ᠠᠵᠢᠯᠯᠠᠵᠤ ᠠᠮᠠᠷᠠᠬᠤ ᠪᠡᠨ ᠵᠣᠬᠢᠰᠲᠠᠶ ᠲᠣᠬᠢᠷᠠᠭᠤᠯᠵᠤ᠂ ᠡᠷᠲᠡ ᠤᠨᠲᠠᠵᠤ ᠡᠷᠲᠡ ᠪᠣᠰᠭᠤ ᠬᠡᠷᠡᠭ᠌ᠲᠡᠶ ᠭᠡᠪᠡ᠃

ᠡᠭᠦᠨ᠎ᠦ ᠬᠠᠮᠲᠤ᠂ ᠬᠣᠲᠠ᠎ᠶ᠋ᠢᠨ ᠠᠷᠠᠳ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠪᠥᠬᠥ᠌ ᠶᠠᠪᠤᠴᠠ᠎ᠶ᠋ᠢᠨ ᠲᠠᠷᠢᠯᠭ᠎ᠠ ᠎ᠶ᠋ᠢ ᠢᠳᠡᠪᠬᠢᠲᠡᠶ ᠲᠠᠷᠢᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠪᠥᠬᠥ᠌ ᠶᠠᠪᠤᠴᠠ ᠵᠢᠨ ᠲᠠᠷᠢᠯᠭ᠎ᠠ ᠵᠢ ᠳᠠᠷᠢᠭᠤᠯᠤᠭᠠᠳ 6 ᠰᠠᠷ᠎ᠠ ᠪᠤᠯᠤᠬᠰᠠᠨ ᠬᠣᠲᠠ᠎ᠶ᠋ᠢᠨ ᠠᠷᠠᠳ ᠳᠠᠷᠤᠶ ᠲᠦᠷᠭᠡᠨ 《ᠴᠢᠩᠭᠠᠳᠭᠠᠬᠤ ᠲᠠᠷᠢᠯᠭ᠎ᠠ》 ᠬᠢᠵᠦ᠍᠂ ᠡᠭᠡᠯᠢᠯᠡᠭᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠭᠡᠯᠢᠯᠡᠭᠡ ᠎ᠶ᠋ᠢᠨ ᠬᠠᠯᠬᠠᠪᠴᠢ᠎ᠶ᠋ᠢ ᠪᠠᠢᠭᠤᠯᠬᠤ ᠵᠢ ᠤᠷᠢᠶᠠᠯᠠᠪᠠ᠃

ᠢᠷᠡᠯᠲᠡ᠄ ᠲᠠᠯ᠎ᠠ ᠨᠤᠲᠤᠬ ᠰᠢᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面