ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-17 09:30:23

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 2 ᠰᠠᠷ᠎ᠠ᠎ᠶ᠋ᠢᠨ 16 ᠤ᠋ ᠡᠳᠦᠷ᠎ᠦᠨ 11 ᠴᠠᠭ᠎ᠲᠤ ᠶᠠᠪᠤᠭ᠍ᠳᠠᠭ᠍ᠰᠠᠨ ᠬᠥᠬᠡᠬᠣᠲᠠ᠎ᠶ᠋ᠢᠨ 2022 ᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ(ᠬᠣᠶᠠᠳᠤᠭᠠᠷ ᠲᠠᠯᠠᠪᠤᠷ)ᠡᠴᠡ ᠣᠢᠯᠠᠭᠠᠭ᠍ᠰᠠᠨ᠎ᠢᠶᠠᠷ᠂ ᠣᠳᠣᠬᠠᠨ᠎ᠳᠤ᠂ ᠬᠥᠬᠡᠬᠣᠲᠠ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠰᠢᠨ᠎ᠡ ᠪᠡᠷ 3 ᠨᠡᠮᠡᠭ᠌ᠳᠡᠵᠦ᠍᠂ ᠬᠠᠮᠢᠶ᠎ᠠ ᠪᠦᠬᠦᠢ ᠵᠢᠬᠰᠠᠭᠠᠨ ᠪᠠᠢᠴᠠᠭᠠᠬᠤ᠂ ᠱᠢᠯᠭᠠᠨ ᠪᠠᠢᠴᠠᠭᠠᠬᠤ ᠠᠵᠢᠯ ᠮᠥᠨ ᠬᠦ᠌ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃

2022 ᠣᠨ᠎ᠤ 2 ᠰᠠᠷ᠎ᠠ᠎ᠶ᠋ᠢᠨ 15 ᠤ᠋ ᠡᠳᠦᠷ᠎ᠦᠨ 15 ᠴᠠᠭ᠎ᠲᠤ᠂ ᠱᠢᠨ᠎ᠡ ᠬᠣᠲᠠ ᠲᠣᠭᠣᠷᠢᠭ ᠡᠴᠡ ᠰᠠᠨᠠᠭᠠᠴᠢᠯᠠᠭ᠎ᠠ ᠡᠴᠡ᠎ᠪᠠᠨ ᠡᠮᠨᠡᠭᠦᠯᠦᠭ᠌ᠰᠡᠨ ᠬᠥᠮᠦᠰ᠎ᠦᠨ ᠳᠣᠲᠣᠷ᠎ᠠ ᠡᠴᠡ ᠨᠢᠭᠡ ᠪᠥᠭᠡᠮ ᠬᠦᠴᠢᠯ᠎ᠦᠨ ᠠᠩᠬᠠᠨ᠎ᠤ ᠱᠢᠭ᠌ᠰᠢᠨ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭ᠌ᠰᠡᠨ ᠬᠥᠮᠦᠨ᠎ᠢ ᠢᠯᠡᠷᠡᠭᠦᠯᠵᠡᠢ ᠬᠡᠵᠥ ᠮᠡᠳᠡᠬᠦᠯᠪᠡ; 2 ᠰᠠᠷ᠎ᠠ᠎ᠶ᠋ᠢᠨ 15 ᠤ᠋ ᠡᠳᠦᠷ᠎ᠦᠨ 18ᠴᠠᠭ᠎ᠲᠤ᠂ ᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠡ ᠡᠴᠡ ᠰᠠᠨᠠᠭᠠᠴᠢᠯᠠᠭ᠎ᠠ ᠎ᠡᠴᠡ᠎ᠪᠠᠨ ᠡᠮᠨᠡᠭᠦᠯᠦᠭ᠌ᠰᠡᠨ ᠬᠥᠮᠦᠰ᠎ᠦᠨ ᠳᠣᠲᠣᠷ᠎ᠠ᠎ᠡᠴᠡ ᠨᠢᠭᠡ ᠪᠥᠭᠡᠮ ᠬᠦᠴᠢᠯ᠎ᠦᠨ ᠠᠩᠬᠠᠨ ᠎ᠤ ᠱᠢᠭ᠌ᠰᠢᠨ ᠪᠠᠢᠴᠠᠭᠠᠯᠲᠠ᠎ᠳᠤ ᠠᠷᠭ᠎ᠠ ᠴᠢᠨᠠᠷ ᠢᠯᠡᠷᠡᠭ᠌ᠰᠡᠨ ᠬᠥᠮᠦᠨ᠎ᠢ ᠢᠯᠡᠷᠡᠭᠦᠯᠵᠡᠢ ᠬᠡᠵᠥ ᠮᠡᠳᠡᠬᠦᠯᠪᠡ; 2 ᠰᠠᠷ᠎ᠠ᠎ᠶ᠋ᠢᠨ 15 ᠤ᠋ ᠡᠳᠦᠷ᠎ᠦᠨ 23 ᠴᠠᠭ᠎ᠲᠤ᠂ ᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠬᠢᠨ ᠨᠢᠭ᠍ᠲᠠ ᠦᠢᠷᠠᠳᠤᠬᠰᠠᠨ ᠬᠥᠮᠦᠰ᠎ᠢ ᠱᠢᠭ᠌ᠰᠢᠨ ᠪᠠᠢᠴᠠᠭᠠᠬᠤ ᠳᠤᠮᠳᠠ ᠨᠢᠭᠡ ᠪᠥᠭᠡᠮ ᠬᠦᠴᠢᠯ᠎ᠦᠨ ᠠᠷᠭ᠎ᠠ ᠴᠢᠨᠠᠷᠲᠠᠶ ᠬᠦᠮᠦᠨ᠎ᠢ ᠢᠯᠡᠷᠡᠭᠦᠯᠪᠡ᠃ ᠡᠨᠡ ᠭᠤᠷᠪᠠᠨ ᠬᠥᠮᠦᠨ ᠪᠣᠯ ᠴᠥᠮ ᠱᠢᠨ᠎ᠡ ᠬᠣᠲᠠ ᠲᠣᠭᠣᠷᠢᠭ᠎ᠤᠨ ᠳ᠋ᠦᠩ ᠺᠦ ᠵᠡᠭᠡᠯᠢ᠎ᠶ᠋ᠢᠨ ᠬᠣᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ᠌ ᠥᠷᠲᠡᠭᠡᠨ᠎ᠦ ᠠᠵᠢᠯᠴᠢᠨ ᠪᠣᠯᠤᠨ᠎ᠠ᠃ ᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠳᠠᠬᠢᠨ ᠬᠢᠨᠠᠨ ᠪᠠᠢᠴᠠᠭᠠᠯᠳᠠ᠎ᠪᠠᠷ ᠳᠡᠮᠵᠢᠨ᠂ 3 ᠬᠥᠮᠦᠨ ᠨᠢ ᠴᠥᠮ ᠠᠷᠭ᠎ᠠ ᠴᠢᠨᠠᠷᠲᠠᠶ ᠪᠠᠢᠪᠠ᠃ ᠥᠪᠡᠷᠲᠡᠭᠡᠨ ᠵᠠᠰᠠᠬᠤ ᠣᠷᠣᠨ᠎ᠤ ᠲᠤᠰᠭᠠᠶ ᠮᠡᠷᠭᠡᠵᠢᠯᠲᠡᠨ ᠬᠠᠮᠲᠤᠷᠠᠨ ᠣᠨᠣᠱᠢᠯᠠᠬᠤ᠎ᠪᠠᠷ ᠳᠡᠮᠵᠢᠨ᠂ ᠴᠥᠮ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ᠎ᠪᠠᠷ ᠳᠤᠳᠤᠯᠠᠪᠠ᠃ ᠣᠨᠣᠱᠢᠯᠠᠭ᠍ᠰᠠᠨ 3 ᠡᠪᠡᠳᠴᠢᠨ᠎ᠤ ᠵᠢᠱ᠌ᠢᠶ᠎ᠡ᠎ᠨᠢ ᠴᠥᠮ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ 2 ᠤᠳᠠᠭ᠎ᠠ ᠳᠠᠷᠢᠭᠤᠯᠵᠤ᠂ ᠣᠳᠣᠬᠠᠨ᠎ᠳᠤ ᠴᠥᠮ ᠥᠪᠥᠷ ᠮᠣᠩᠭᠣᠯ᠎ᠤᠨ ᠳᠥᠷᠪᠡᠳᠦᠭᠡᠷ ᠡᠮᠨᠡᠯᠭᠡ᠎ᠶ᠋ᠢᠨ ᠬᠣᠷᠢᠶ᠎ᠠ᠎ᠳᠤ ᠡᠮᠨᠡᠭᠦᠯᠵᠦ᠍᠂ ᠡᠪᠡᠳᠴᠢᠨ᠎ᠦ ᠪᠠᠢᠳᠠᠯ᠎ᠨᠢ ᠬᠥᠩᠭᠡᠨ ᠪᠠᠢᠨ᠎ᠠ᠃ ᠣᠳᠣᠬᠠᠨ᠎ᠳᠤ᠂ ᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ ᠨᠢᠭᠡᠨᠲᠡ 157 ᠨᠢᠭ᠍ᠲᠠ ᠣᠢᠷᠠᠲᠤᠭ᠍ᠰᠠᠳ᠎ᠢ ᠵᠢᠭ᠍ᠰᠠᠭᠠᠨ ᠪᠠᠢᠴᠠᠭᠠᠵᠤ᠂ ᠠᠷᠭ᠎ᠠ ᠴᠢᠨᠠᠷ᠎ᠢ ᠲᠦᠷ ᠪᠠᠢᠴᠠᠭᠠᠵᠤ ᠭᠠᠷᠭᠠᠭ᠍ᠰᠠᠨ ᠥᠬᠡᠶ᠂ ᠬᠠᠮᠢᠶ᠎ᠠ ᠪᠥᠬᠥᠶ ᠵᠢᠭ᠍ᠰᠠᠭᠠᠨ ᠪᠠᠢᠴᠠᠭᠠᠬᠤ᠂ ᠱᠢᠯᠭᠠᠨ ᠪᠠᠢᠴᠠᠭᠠᠬᠤ ᠠᠵᠢᠯ ᠮᠥᠨ ᠬᠦ᠌ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃

ᠣᠳᠣᠬᠠᠨ᠎ᠳᠤ᠂ ᠬᠥᠬᠡᠬᠣᠲᠠ ᠨᠢᠭᠡᠨᠲᠡ ᠢᠦᠢᠴᠢᠤᠸᠠᠨ ᠲᠣᠭᠣᠷᠢᠭ᠎ᠤᠨ ᠱᠢᠶᠠᠩ ᠾᠧ ᠶᠤᠸᠠᠨ᠂ ᠲᠤᠤ ᠯᠢ ᠸᠸᠨ ᠶᠤᠸᠠᠨ᠂ ᠺᠦᠨ᠎ᠲᠠᠢ ᠰᠠᠭᠤᠭᠠᠯᠢ ᠠᠷᠠᠳ᠎ᠤᠨ ᠲᠣᠭᠣᠷᠢᠭ᠂ ᠰᠠᠢᠬᠠᠨ ᠲᠣᠭᠣᠷᠢᠭ᠎ᠤᠨ ᠢ ᠾᠧ ᠵᠢᠶᠠ ᠶᠤᠸᠠᠨ᠎ᠢ ᠪᠢᠲᠡᠭᠦᠮᠵᠢᠯᠡᠨ ᠬᠠᠮᠢᠶᠠᠷᠴᠤ᠌ ᠪᠣᠶ᠃ ᠡᠪᠡᠳᠴᠢᠨ᠎ᠦ ᠵᠢᠱ᠌ᠢᠶ᠎ᠡ᠎ᠶ᠋ᠢᠨ ᠣᠷᠣᠨ ᠰᠠᠭᠤᠴᠠ᠎ᠶ᠋ᠢᠨ ᠪᠠᠭ᠎ᠠ ᠲᠣᠭᠣᠷᠢᠭ᠂ ᠨᠢᠭᠡᠴᠢ᠎ᠶ᠋ᠢᠨ ᠡᠷᠬᠢᠨ ᠲᠣᠭᠣᠷᠢᠨ᠎ᠤ ᠭᠤᠤᠯᠳᠠᠯᠭ᠎ᠠ᠎ᠲᠠᠶ ᠬᠥᠮᠦᠰ᠎ᠡᠴᠡ ᠥᠯᠢᠭᠡᠷ ᠠᠪᠴᠤ᠌᠂ 2 ᠰᠠᠷ᠎ᠠ᠎ᠶ᠋ᠢᠨ 16 ᠎ᠤ᠋ ᠡᠳᠦᠷ᠎ᠦᠨ ᠦᠳᠡ᠎ᠶ᠋ᠢᠨ ᠡᠮᠦᠨᠡᠬᠢ 10 ᠴᠠᠭ ᠪᠣᠯᠲᠠᠯ᠎ᠠ᠂ ᠱᠢᠨ᠎ᠡ ᠬᠣᠲᠠ ᠲᠣᠭᠣᠷᠢᠭ᠂ ᠢᠦᠢᠴᠢᠤᠸᠠᠨ ᠲᠣᠭᠣᠷᠢᠭ᠂ ᠰᠠᠢᠬᠠᠨ ᠲᠣᠭᠣᠷᠢᠭ ᠨᠡᠢᠲᠡ 12980 ᠬᠥᠮᠦᠨ᠎ᠦ ᠥᠯᠢᠭᠡᠷ᠎ᠢ ᠠᠪᠴᠤ᠌᠂ ᠨᠢᠭᠡᠨᠲᠡ 7222 ᠬᠥᠮᠦᠨ᠎ᠤ ᠦᠷ᠎ᠡ ᠳ᠋ᠦᠩ ᠭᠠᠷᠴᠤ᠂ ᠴᠥᠮ ᠪᠢᠯᠢᠭ ᠴᠢᠨᠠᠷ ᠢᠯᠡᠷᠡᠵᠡᠢ᠃ ᠬᠥᠬᠡᠬᠣᠲᠠ ᠵᠢᠨ ᠬᠢᠨ ᠭᠤᠤᠯᠳᠠᠯᠭ᠎ᠠ᠎ᠲᠠᠶ ᠬᠥᠮᠦᠰ᠎ᠦᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ᠂ ᠲᠠᠬᠤᠯ ᠡᠪᠡᠳᠴᠢᠨ᠎ᠦ ᠪᠠᠢᠴᠠᠭᠠᠯᠲᠠ᠎ᠶ᠋ᠢᠨ ᠦᠷ᠎ᠡ ᠳ᠋ᠦᠩ᠎ᠢ ᠦᠨᠳᠦᠰᠦᠯᠡᠨ ᠤᠯᠠᠮ ᠨᠢᠭᠡ ᠠᠯᠬᠤᠮ ᠪᠥᠭᠡᠮ ᠬᠦᠴᠢᠯ᠎ᠦᠨ ᠱᠢᠭ᠌ᠰᠢᠨ ᠪᠠᠢᠴᠠᠭᠠᠬᠤ ᠲᠥᠯᠥᠪᠯᠡᠭᠡ᠎ᠶ᠋ᠢ ᠲᠣᠭ᠍ᠲᠠᠭᠠᠬᠤ ᠪᠤᠯᠤᠨ᠎ᠠ᠃

ᠰᠡᠷᠭᠡᠢᠯᠡᠨ ᠡᠵᠡᠮᠳᠡᠬᠦ᠌ ᠠᠵᠢᠯ᠎ᠤᠨ ᠲᠠᠯ᠎ᠠ᠎ᠪᠠᠷ᠂ ᠬᠣᠲᠠ ᠪᠠ ᠬᠣᠱᠢᠭᠤ ᠱᠢᠶᠠᠨ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠵᠢᠴᠢ ᠡᠯ᠎ᠡ ᠲᠤᠰᠭᠠᠶ ᠠᠵᠢᠯ᠎ᠤᠨ ᠳᠤᠭᠤᠢᠯᠠᠩ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶ᠋ᠢ ᠦᠳᠲᠡᠷ ᠲᠦᠷᠭᠡᠨ ᠡᠬᠢᠯᠡᠭᠦᠯᠵᠦ᠍᠂ 24 ᠴᠠᠭ᠎ᠢᠶᠠᠷ ᠵᠢᠵᠢᠭᠦᠷᠯᠡᠨ ᠰᠠᠬᠢᠬᠤ ᠪᠠ ᠭᠤᠷᠪᠠᠨ ᠵᠦᠶ᠋ᠯ᠎ᠦᠨ ᠮᠡᠳᠡᠭᠦᠯᠦᠯᠲᠡ᠎ᠶ᠋ᠢᠨ ᠲᠦᠷᠢᠮ᠎ᠢ ᠨᠠᠢᠳᠠᠪᠤᠷᠢᠵᠢᠭᠤᠯᠪᠠ᠃ ᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ ᠳᠠᠬᠤᠯ ᠡᠪᠡᠳᠴᠢᠨ ᠎ᠢ ᠪᠠᠢᠴᠠᠭᠠᠨ ᠡᠬᠢ ᠰᠤᠷᠪᠤᠯᠵᠢ ᠵᠢ ᠮᠥᠷᠳᠡᠬᠦ᠌ ᠠᠵᠢᠯ᠎ᠢ ᠦᠳᠲᠡᠷ ᠲᠦᠷᠭᠡᠨ ᠵᠣᠬᠢᠶᠠᠨ ᠪᠠᠢᠭᠤᠯᠤᠨ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠤᠰᠭᠠᠶ ᠮᠡᠷᠭᠡᠵᠢᠯᠲᠡᠨ᠎ᠲᠡᠶ ᠬᠠᠮᠲᠤᠷᠠᠨ ᠰᠤᠳᠤᠯᠤᠨ ᠮᠠᠭᠠᠳᠯᠠᠬᠤ᠂ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠠᠵᠢᠯ ᠥᠷᠨᠢᠭᠦᠯᠵᠦ᠍᠂ ᠲᠦᠭ᠌ᠰᠢᠭᠦᠷᠢ᠎ᠲᠡᠶ ᠭᠠᠵᠠᠷ ᠣᠷᠣᠨ᠎ᠢ ᠣᠨᠣᠪᠴᠢᠲᠠᠶ ᠢᠯᠭᠠᠨ ᠲᠣᠭ᠍ᠲᠠᠭᠠᠬᠤ᠎ᠶ᠋ᠢᠨ ᠬᠠᠮᠲᠤ ᠨᠡᠢᠭᠡᠮ᠎ᠳᠦ ᠨᠡᠢᠲᠡᠯᠡᠬᠦ ᠪᠤᠯᠤᠨ᠎ᠠ᠃ ᠪᠠᠢᠴᠠᠭᠠᠨ ᠳᠣᠲᠣᠯᠠᠭ᠍ᠰᠠᠨ ᠨᠢᠭ᠍ᠲᠠ ᠣᠢᠷᠠᠲᠤᠭ᠍ᠰᠠᠳ᠎ᠢ ᠲᠡᠷᠡ ᠳᠠᠷᠤᠶ᠎ᠳᠤᠨᠢ ᠲᠥᠪᠯᠡᠷᠡᠭᠦᠯᠦᠨ ᠲᠤᠰᠠᠭᠠᠷᠯᠠᠬᠤ᠎ᠶ᠋ᠢ ᠨᠠᠢᠳᠠᠪᠤᠷᠢᠵᠢᠭᠤᠯᠵᠤ᠂ ᠲᠤᠰᠠᠭᠠᠷᠯᠠᠬᠤ ᠶᠣᠰᠣᠲᠠᠶ᠎ᠶ᠋ᠢ᠎ᠨᠢ ᠪᠦᠬᠦᠨ᠎ᠢ ᠲᠤᠰᠠᠭᠠᠷᠯᠠᠨ᠎ᠠ᠃ ᠲᠠᠬᠤᠯ ᠡᠪᠡᠳᠴᠢᠨ᠎ᠦ ᠪᠠᠢᠴᠠᠭᠠᠯᠲᠠ᠎ᠶ᠋ᠢᠨ ᠦᠷ᠎ᠡ ᠳ᠋ᠦᠩ᠎ᠲᠡᠶ ᠤᠶᠠᠯᠳᠤᠭᠤᠯᠤᠨ᠂ ᠲᠦᠭ᠌ᠰᠢᠭᠦᠷᠢ᠎ᠶ᠋ᠢᠨ ᠲᠠᠰ᠎ᠢ ᠦᠨᠳᠦᠰᠦᠯᠡᠨ ᠲᠦᠭ᠌ᠰᠢᠭᠦᠷᠢ᠎ᠲᠡᠶ ᠬᠥᠮᠦᠰ᠎ᠦᠨ ᠪᠥᠭᠡᠮ ᠬᠦᠴᠢᠯ᠎ᠦᠨ ᠪᠠᠢᠴᠠᠭᠠᠯᠳᠠ ᠵᠢᠨ ᠠᠵᠢᠯ᠎ᠢ ᠠᠯᠬᠤᠮ ᠳᠠᠷᠠᠭ᠎ᠠ ᠳᠠᠢ ᠵᠣᠬᠢᠶᠠᠨ ᠪᠠᠢᠭᠤᠯᠤᠨ ᠥᠷᠨᠢᠭᠦᠯᠵᠦ᠍᠂ ᠪᠠᠢᠴᠠᠭᠠᠬᠤ ᠶᠣᠰᠣᠲᠠᠶ᠎ᠶ᠋ᠢ᠎ᠨᠢ ᠪᠦᠬᠦᠨ᠎ᠢ ᠪᠠᠢᠴᠠᠭᠠᠨ᠎ᠠ᠃ ᠡᠯ᠎ᠡ ᠭᠠᠵᠠᠷ᠎ᠤᠨ᠎ᠬᠢᠨ ᠱᠠᠭᠠᠷᠳᠠᠯᠭ᠎ᠠ ᠶᠣᠰᠣᠭᠠᠷ ᠲᠤᠰᠠᠭᠠᠷᠯᠠᠬᠤ ᠪᠠᠭᠤᠳᠠᠯ᠎ᠢ ᠴᠠᠭ ᠲᠤᠬᠠᠶ᠎ᠳᠤᠨᠢ ᠪᠡᠯᠡᠳᠭᠡᠵᠦ᠍᠂ ᠬᠠᠮᠢᠶ᠎ᠠ ᠪᠥᠬᠥᠶ ᠠᠵᠢᠯᠲᠠᠨ᠎ᠢ ᠱᠢᠯᠵᠢᠭᠦᠯᠦᠨ ᠳᠤᠬᠢᠷᠠᠭᠤᠯᠵᠥ᠂ ᠴᠠᠭ ᠢᠮᠠᠭ᠍ᠲᠠ ᠡᠬᠢᠯᠡᠭᠦᠯᠬᠦ᠌ ᠪᠡᠯᠡᠳᠭᠡᠯ᠎ᠢ ᠰᠠᠢᠲᠤᠷ ᠬᠢᠬᠦ ᠬᠡᠷᠡᠭᠳᠡᠢ᠃ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠵᠢᠨ ᠬᠦᠷᠴᠤ ᠦᠩᠬᠡᠷᠡᠭᠰᠡᠨ ᠡᠮᠨᠡᠯᠭᠡ᠎ᠶ᠋ᠢᠨ ᠬᠣᠷᠢᠶ᠎ᠠ᠂ ᠡᠮ᠎ᠦᠨ ᠳᠡᠯᠭᠡᠭᠦᠷ᠂ ᠡᠮᠴᠢᠯᠡᠭᠡᠨ᠎ᠦ ᠭᠠᠵᠠᠷ ᠵᠡᠷᠭᠡ ᠭᠤᠤᠯᠳᠠᠯᠭ᠎ᠠ᠎ᠲᠠᠶ ᠲᠠᠯᠠᠪᠤᠷ᠎ᠲᠤ ᠴᠢᠭ᠌ᠯᠡᠭᠦᠯᠦᠨ ᠦᠨᠡᠯᠡᠨ ᠵᠢᠱ᠌ᠢᠯᠲᠡ ᠬᠢᠵᠦ᠍᠂ ᠱᠢᠨᠵᠢᠯᠡᠬᠦ᠌ ᠤᠬᠠᠭᠠᠨᠴᠢ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠤᠨ᠎ᠡ᠃ ᠣᠷᠴᠢᠨ ᠲᠣᠭᠣᠷᠢᠨ᠎ᠢ ᠬᠢᠨᠠᠨ ᠰᠢᠯᠭᠠᠬᠤ ᠪᠠ ᠠᠷᠢᠭᠤᠳᠭᠠᠬᠤ ᠠᠵᠢᠯ᠎ᠢ ᠵᠡᠷᠭᠡᠪᠡᠷ ᠥᠷᠨᠢᠭᠦᠯᠦᠨ᠎ᠡ᠃ ᠠᠯᠪᠠᠨ ᠵᠠᠷ ᠪᠠ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠨᠡᠢᠲᠡᠯᠡᠨ᠎ᠡ᠃ ᠡᠯ᠎ᠡ ᠭᠠᠵᠠᠷ᠎ᠤᠨ᠎ᠬᠢᠨ ᠪᠥᠬᠥ᠌ ᠠᠵᠢᠯᠲᠠᠨ᠎ᠤ ᠪᠥᠭᠡᠮ ᠬᠦᠴᠢᠯ᠎ᠦᠨ ᠪᠠᠢᠴᠠᠭᠠᠯᠲᠠ ᠥᠷᠨᠢᠭᠦᠯᠬᠦ᠌ ᠶᠣᠰᠣᠭᠠᠷ ᠡᠳ᠋ ᠪᠣᠳᠠᠰ᠎ᠤᠨ ᠨᠥᠭᠡᠴᠡ᠎ᠪᠡᠨ ᠰᠠᠢᠲᠤᠷ ᠬᠢᠬᠦ᠌ ᠬᠡᠷᠡᠭ᠌ᠲᠡᠶ᠃ ᠡᠯ᠎ᠡ ᠭᠤᠤᠯᠳᠠᠯᠭ᠎ᠠ᠎ᠲᠠᠶ ᠲᠠᠯᠠᠪᠤᠷ ᠭᠠᠵᠠᠷ᠂ ᠰᠠᠭᠤᠭᠠᠯᠢ ᠠᠷᠠᠳ᠎ᠤᠨ ᠲᠣᠭᠣᠷᠢᠭ᠎ᠲᠤ ᠪᠡᠶ᠎ᠡ᠎ᠶ᠋ᠢᠨ ᠬᠠᠯᠠᠭᠤᠨ᠎ᠢ ᠬᠡᠮᠵᠢᠬᠦ᠌᠂ ᠺᠣᠳ᠋᠎ᠢ ᠱᠢᠯᠭᠠᠬᠤ᠂ ᠠᠮᠠᠪᠴᠢ ᠵᠡᠭᠦᠬᠦ᠌ ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ ᠬᠡᠷᠡᠭᠳᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面