ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-17 09:39:11

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

2 ᠰᠠᠷ᠎ᠠ ᠎ᠶ᠋ᠢᠨ16᠎ᠤ᠋ ᠦᠳᠡ᠎ᠵᠢᠨ ᠡᠮᠦᠨ᠎ᠡ᠂ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ III ᠲᠠᠰ᠎ᠤᠨ ᠰᠡᠷᠡᠮᠵᠢᠯᠡᠭᠦᠯᠦᠯ᠎ᠢ ᠨᠡᠢᠲᠡᠯᠡᠪᠡ᠃

2022 ᠣᠨ᠎ᠤ 2 ᠰᠠᠷ᠎ᠠ᠎ᠶ᠋ᠢᠨ 15᠎ᠤ᠋ ᠡᠳᠦᠷ ᠡᠴᠡ 16᠎ᠤ᠋ ᠡᠳᠦᠷ᠎ᠤᠨ 3 ᠴᠠᠭ ᠪᠤᠯᠳᠠᠯ᠎ᠠ᠂ ᠬᠥᠬᠡᠬᠣᠲᠠ᠎ᠨᠡᠢᠳᠡ 3 ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠲᠤᠬᠠᠢ ᠵᠢᠨ ᠭᠠᠵᠠᠷ᠎ᠤᠨ ᠤᠨᠤᠰᠢᠯᠠᠭᠰᠠᠨ ᠡᠪᠡᠳᠴᠢᠨ᠎ᠦ ᠵᠢᠱ᠌ᠢᠶ᠎ᠡ᠎ᠶ᠋ᠢ ᠮᠡᠳᠡᠭᠦᠯᠪᠡ᠂ 《ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ(ᠵᠢᠷᠭᠤᠳᠤᠭᠠᠷ ᠬᠡᠪᠯᠡᠯ)》 ᠤ᠋ᠨ ᠱᠠᠭᠠᠷᠳᠠᠯᠭ᠎ᠠ᠎ᠶ᠋ᠢ ᠦᠨᠳᠦᠰᠦᠯᠡᠨ᠂ ᠰᠤᠳᠤᠯᠤᠨ ᠲᠣᠭ᠍ᠲᠠᠭᠠᠬᠤ᠎ᠪᠠᠷ ᠳᠡᠮᠵᠢᠨ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ III ᠲᠠᠰ᠎ᠤᠨ ᠰᠡᠷᠡᠮᠵᠢᠯᠡᠭᠦᠯᠦᠯ᠎ᠤᠨ ᠮᠡᠳᠡᠭᠡ ᠵᠠᠩᠬᠢ᠎ᠵᠢ ᠨᠡᠢᠲᠡᠯᠡᠪᠡ᠃

ᠰᠡᠷᠡᠮᠵᠢᠯᠡᠭᠦᠯᠬᠦ᠌ ᠳᠡᠰ ᠨᠢ III ᠳᠡᠰ᠃ 2022 ᠣᠨ᠎ᠤ 2 ᠰᠠᠷ᠎ᠠ᠎ᠶ᠋ᠢᠨ 15᠎ᠤ᠋ ᠡᠳᠦᠷ᠎ᠡᠴᠡ ᠡᠬᠢᠯᠡᠨ ᠰᠡᠷᠡᠮᠵᠢᠯᠡᠭᠦᠯᠬᠦ᠌ ᠬᠤᠭᠤᠴᠠᠭᠠᠨ᠎ᠳᠤ ᠣᠷᠣᠵᠤ᠂ ᠰᠡᠷᠡᠮᠵᠢᠯᠡᠭᠦᠯᠬᠦ᠌ ᠴᠠᠭ᠎ᠨᠢ ᠲᠣᠰ ᠰᠡᠷᠡᠮᠵᠢᠯᠡᠭᠦᠯᠬᠦ᠌ ᠵᠠᠷᠯᠠᠯ᠎ᠢ ᠨᠡᠢᠲᠡᠯᠡᠭ᠌ᠰᠡᠨ ᠡᠳᠦᠷ᠎ᠡᠴᠡ 2022 ᠣᠨ᠎ᠤ ᠰᠡᠬᠦᠯᠴᠢ ᠪᠣᠯᠲᠠᠯ᠎ᠠ ᠦᠷᠭᠦᠯᠵᠢᠯᠡᠨ᠎ᠡ᠃

ᠥᠷᠭᠡᠨ ᠣᠯᠠᠨ ᠬᠣᠲᠠ᠎ᠶ᠋ᠢᠨ ᠠᠷᠠᠳ ᠬᠥᠬᠡᠬᠣᠲᠠ᠎ᠶ᠋ᠢᠨ ᠠᠯᠪᠠᠨ ᠵᠠᠭᠤᠴᠢᠯᠠᠭᠤᠷ᠎ᠤᠨ ᠨᠡᠢᠲᠡᠯᠡᠭ᠌ᠰᠡᠨ ᠣᠨᠣᠱᠢᠯᠠᠭ᠍ᠰᠠᠨ ᠡᠪᠡᠳᠴᠢᠨ᠎ᠦ ᠵᠢᠱ᠌ᠢᠶ᠎ᠡ᠎ᠶ᠋ᠢᠨ ᠬᠠᠮᠢᠶ᠎ᠠ ᠪᠥᠬᠥᠶ ᠮᠡᠳᠡᠭᠡ ᠵᠠᠩᠭᠢ᠎ᠶ᠋ᠢ ᠨᠢᠭ᠍ᠲᠠ ᠠᠩᠬᠠᠷᠴᠤ᠌᠂ ᠣᠨᠣᠱᠢᠯᠠᠭ᠍ᠰᠠᠨ ᠡᠪᠡᠳᠴᠢᠨ᠎ᠦ ᠵᠢᠱ᠌ᠢᠶ᠎ᠡ᠎ᠲᠡᠶ ᠣᠢᠷᠠᠲᠤᠭ᠍ᠰᠠᠨ ᠦᠡᠭᠭᠡᠷᠡᠯᠳᠠ᠎ᠲᠡᠶ ᠪᠤᠶᠤ ᠠᠵᠢᠯᠯᠠᠭᠠᠨ᠎ᠤ ᠵᠠᠮ ᠮᠥᠷ ᠨᠢ ᠰᠤᠯᠪᠢᠴᠠᠭᠰᠠᠨ᠂ ᠳᠠᠪᠬᠤᠴᠠᠭ᠍ᠰᠠᠨ ᠬᠥᠮᠦᠨ ᠪᠠᠢᠪᠠᠯ᠂ ᠳᠠᠷᠤᠢᠬᠠᠨ ᠰᠠᠨᠠᠭᠠᠴᠢᠯᠠᠭ᠎ᠠ᠎ᠠᠴᠠ᠎ᠪᠠᠨ ᠦᠪᠡᠷ᠎ᠤᠨ ᠪᠠᠢᠭ᠎ᠠ ᠨᠡᠢᠭᠡᠮ ᠲᠣᠭᠣᠷᠢᠭ(ᠲᠣᠰᠭᠣᠨ)᠂ ᠨᠢᠭᠡᠴᠢ ᠪᠤᠶᠤ ᠪᠠᠭᠤᠳᠠᠯᠯᠠᠭᠰᠠᠨ ᠪᠠᠭᠤᠳᠠᠯ᠎ᠳᠠᠭᠠᠨ ᠮᠡᠳᠡᠬᠦᠯᠦᠨ ᠳᠠᠩᠰᠠᠯᠠᠭᠤᠯᠵᠤ᠂ ᠬᠠᠷᠢᠶ᠎ᠠ ᠭᠠᠵᠠᠷ᠎ᠤᠨ᠎ᠬᠢᠨ᠎ᠲᠡᠶ ᠪᠡᠨ ᠢᠳᠡᠪᠬᠢᠲᠡᠶ ᠬᠠᠮᠵᠢᠯᠴᠠᠨ ᠲᠤᠰᠠᠭᠠᠷᠯᠠᠨ ᠠᠵᠢᠭ᠍ᠯᠠᠬᠤ᠂ ᠪᠥᠭᠡᠮ ᠬᠦᠴᠢᠯ᠎ᠦᠨ ᠪᠠᠢᠴᠠᠭᠠᠯᠳᠠ ᠬᠢᠬᠦ᠌᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠬᠦ᠌ ᠵᠡᠷᠭᠡ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠪᠦᠬᠦᠨ᠎ᠢ ᠨᠡᠢᠭᠡᠮ ᠲᠣᠭᠣᠷᠢᠭ᠎ᠤᠨ ᠬᠠᠮᠢᠶᠠᠷᠤᠯᠲᠠ᠎ᠳᠤ ᠣᠷᠣᠭᠤᠯᠬᠤ ᠬᠡᠷᠡᠭ᠌ᠲᠡᠶ᠃ ᠣᠢᠷ᠎ᠠ᠎ᠶ᠋ᠢᠨ ᠬᠤᠭᠤᠴᠠᠭᠠᠨ᠎ᠳᠤ ᠣᠨᠣᠱᠢᠯᠠᠭ᠍ᠰᠠᠨ ᠡᠪᠡᠳᠴᠢᠲᠡᠨ᠎ᠲᠡᠶ ᠣᠢᠷᠠᠲᠤᠵᠤ ᠥᠩᠭᠡᠷᠡᠭ᠌ᠰᠡᠨ ᠬᠥᠮᠦᠨ ᠪᠦᠬᠦᠨ ᠬᠠᠯᠠᠭᠤᠷᠠᠬᠤ᠂ ᠬᠠᠨᠢᠶᠠᠬᠤ᠂ ᠬᠣᠭᠣᠯᠠᠶ ᠡᠪᠡᠳᠬᠦ᠌᠂ ᠦᠨᠦᠷᠯᠡᠬᠦ᠌ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ᠎ᠦ ᠪᠠᠢᠳᠠᠯ ᠢᠯᠡᠷᠡᠪᠡᠯ᠂ ᠳᠠᠷᠤᠶ ᠲᠦᠷᠭᠡᠨ ᠬᠤᠪᠢ ᠬᠥᠮᠦᠨ᠎ᠦ ᠰᠡᠷᠭᠡᠢᠯᠡᠨ ᠬᠠᠮᠠᠭᠠᠯᠠᠯᠳᠠ ᠪᠡᠨ ᠰᠠᠢᠲᠤᠷ ᠬᠢᠵᠦ᠍ ᠬᠠᠯᠠᠭᠤᠷᠠᠯ᠎ᠤᠨ ᠡᠭᠦᠳᠡᠨ ᠡᠮᠨᠡᠯᠭᠡ(ᠡᠮᠴᠢᠯᠡᠭᠡᠨ᠎ᠦ ᠲᠠᠰᠤᠭ)ᠲᠠᠢ ᠡᠮᠴᠢᠯᠡᠭᠡᠨ᠎ᠦ ᠪᠠᠢᠭᠤᠯᠤᠮᠵᠢ᠎ᠳᠤ ᠬᠦᠷᠴᠦ᠍ ᠡᠮᠨᠡᠭᠦᠯᠵᠦ᠍᠂ ᠡᠮᠨᠡᠭᠦᠯᠬᠦ᠌ ᠵᠠᠮ ᠵᠠᠭᠤᠷ᠎ᠠ᠎ᠪᠠᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ᠎ᠳᠤ ᠰᠠᠭᠤᠬᠤ᠎ᠠᠴᠠ ᠵᠠᠢᠯᠠᠰᠭᠢᠬᠦ ᠬᠡᠷᠡᠭ᠌ᠲᠡᠶ᠃

ᠡᠯ᠎ᠡ ᠬᠣᠱᠢᠭᠤ ᠱᠢᠶᠠᠨ ᠲᠣᠭᠣᠷᠢᠭ᠂ ᠡᠯ᠎ᠡ ᠨᠢᠭᠡᠴᠢ᠎ᠶ᠋ᠢᠨ᠎ᠬᠢᠨ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠲᠣᠰ ᠬᠣᠱᠢᠭᠤ ᠱᠢᠶᠠᠨ ᠲᠣᠭᠣᠷᠢᠭ᠂ ᠲᠣᠰ ᠨᠢᠭᠡᠴᠢ᠎ᠶ᠋ᠢᠨ ᠣᠨᠣᠱᠢᠯᠠᠭ᠍ᠰᠠᠨ ᠡᠪᠡᠳᠴᠢᠨ᠎ᠦ ᠵᠢᠱ᠌ᠢᠶ᠎ᠡ᠎ᠲᠡᠶ ᠣᠢᠷᠠᠲᠤᠭ᠍ᠰᠠᠨ ᠦᠡᠭᠭᠡᠷᠡᠯᠳᠠ᠎ᠲᠡᠶ ᠪᠤᠶᠤ ᠠᠵᠢᠯᠯᠠᠭᠠᠨ᠎ᠤ ᠵᠠᠮ ᠮᠥᠷ᠎ᠨᠢ ᠰᠣᠯᠪᠢᠴᠠᠭ᠍ᠰᠠᠨ᠂ ᠳᠠᠪᠬᠤᠴᠠᠭ᠍ᠰᠠᠨ ᠬᠥᠮᠦᠰ᠎ᠢ ᠵᠢᠭ᠍ᠰᠠᠭᠠᠨ ᠪᠠᠢᠴᠠᠭᠠᠬᠤ ᠪᠠ ᠬᠠᠮᠢᠶᠠᠷᠤᠨ ᠡᠵᠡᠮᠳᠡᠬᠦ᠌ ᠠᠵᠢᠯ᠎ᠢ ᠴᠢᠩᠭᠠᠳᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠱᠠᠭᠠᠷᠳᠠᠯᠭ᠎ᠠ ᠶᠣᠰᠣᠭᠠᠷ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠡᠯ᠎ᠡ ᠱᠠᠲᠤᠨ᠎ᠤ ᠡᠯ᠎ᠡ ᠲᠥᠷᠥᠯ᠎ᠦᠨ ᠡᠮᠴᠢᠯᠡᠭᠡᠨ᠎ᠦ ᠪᠠᠢᠭᠤᠯᠤᠮᠵᠢ ᠤᠷᠢᠳᠴᠢᠯᠠᠨ ᠪᠠᠢᠴᠠᠭᠠᠵᠤ ᠰᠠᠯᠭᠠᠨ ᠣᠨᠣᠱᠢᠯᠠᠬᠤ ᠪᠠ ᠠᠩᠬ᠎ᠠ ᠣᠨᠣᠱᠢᠯᠠᠬᠤ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ᠂ ᠤᠨᠴᠠᠭᠠᠢᠯᠠᠨ ᠬᠠᠯᠠᠭᠤᠷᠠᠵᠤ ᠪᠠᠢᠭ᠎ᠠ ᠡᠪᠡᠳᠴᠢᠲᠡᠨ᠎ᠡᠴᠡ ᠵᠢᠭᠤᠯᠴᠢᠯᠠᠭ᠍ᠰᠠᠨ ᠦᠡᠭᠭᠡᠷᠡᠯᠳᠠ ᠵᠢᠴᠢ ᠣᠢᠷᠠᠲᠤᠭ᠍ᠰᠠᠨ ᠦᠡᠭᠭᠡᠷᠡᠯᠳᠠ᠎ᠶ᠋ᠢ ᠨᠠᠷᠢᠨ ᠠᠰᠠᠭᠤᠨ ᠯᠠᠪᠯᠠᠬᠤ᠎ᠶ᠋ᠢᠨ ᠬᠠᠮᠲᠤ ᠴᠠᠭ ᠲᠤᠬᠠᠶ᠎ᠳᠤᠨᠢ ᠪᠥᠭᠡᠮ ᠬᠦᠴᠢᠯ᠎ᠦᠨ ᠪᠠᠢᠴᠠᠭᠠᠯᠲᠠ ᠬᠢᠵᠦ᠍᠂ ᠲᠦᠷᠢᠮ ᠲᠣᠭ᠍ᠲᠠᠭᠠᠯ᠎ᠢ ᠴᠢᠩᠭ᠎ᠠ ᠵᠢᠷᠤᠮᠯᠠᠨ ᠱᠢᠶ᠋ᠳᠪᠦᠷᠢᠯᠡᠵᠦ᠍᠂ ᠪᠠᠢᠴᠠᠭᠠᠬᠤ ᠶᠣᠰᠣᠲᠠᠶ᠎ᠶ᠋ᠢ᠎ᠨᠢ ᠪᠦᠬᠦᠨ᠎ᠢ ᠪᠠᠢᠴᠠᠭᠠᠨ᠂ ᠲᠤᠰᠠᠭᠠᠷᠯᠠᠬᠤ ᠶᠣᠰᠣᠲᠠᠶ᠎ᠶ᠋ᠢ᠎ᠨᠢ ᠪᠦᠬᠦᠨ᠎ᠢ ᠲᠤᠰᠠᠭᠠᠷᠯᠠᠵᠤ᠂ ᠭᠡᠭᠡᠭ᠌ᠳᠡᠬᠦᠯᠬᠦ᠌ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠥᠷᠭᠡᠨ ᠣᠯᠠᠨ ᠰᠠᠭᠤᠭᠠᠯᠢ ᠠᠷᠠᠳ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠤᠬᠠᠮᠰᠠᠷ᠎ᠠᠴᠠ᠎ᠪᠠᠨ ᠵᠢᠷᠤᠮᠯᠠᠨ ᠰᠠᠬᠢᠵᠤ᠂ ᠴᠤᠤᠷᠬᠠᠯ ᠲᠠᠷᠬᠠᠭᠠᠬᠤ ᠥᠬᠡᠶ᠂ ᠴᠤᠤᠷᠬᠠᠯ᠎ᠢ ᠢᠲᠡᠭᠡᠬᠦ᠌ ᠥᠬᠡᠶ ᠪᠠᠢᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠨᠠᠭᠠᠴᠢᠯᠠᠭ᠎ᠠ᠎ᠠᠴᠠ᠎ᠪᠠᠨ ᠳᠡᠮᠵᠢᠨ ᠬᠠᠮᠵᠢᠯᠴᠠᠵᠤ᠂ ᠰᠡᠷᠭᠡᠢᠯᠡᠬᠦ᠌ ᠤᠬᠠᠮᠰᠠᠷ᠎ᠢᠶᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠬᠤᠪᠢ ᠬᠥᠮᠦᠨ᠎ᠦ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠠᠮᠠᠪᠴᠢ ᠵᠡᠭᠦᠬᠦ᠌᠂ ᠭᠠᠷ᠎ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠌᠂ ᠨᠢᠭᠡ ᠮᠧᠲ᠋ᠷ᠎ᠦᠨ ᠠᠮᠤᠷ ᠲᠦᠪᠰᠢᠨ᠎ᠤ ᠵᠠᠢ᠎ᠵᠢ ᠪᠠᠲᠤᠯᠠᠬᠤ᠂ ᠴᠤᠭ᠍ᠯᠠᠷᠠᠬᠤ ᠥᠬᠡᠶ ᠵᠡᠷᠭᠡ ᠪᠣᠯᠪᠠᠰᠤᠨ ᠡᠷᠡᠭᠦᠯ ᠠᠮᠢᠳᠤᠷᠠᠯ᠎ᠤᠨ ᠳᠠᠳᠭᠠᠯ᠎ᠢ ᠦᠷᠭᠦᠯᠵᠢᠯᠡᠨ ᠪᠠᠲᠤᠯᠠᠵᠤ᠂ ᠣᠢᠷ᠎ᠠ᠎ᠶ᠋ᠢᠨ ᠬᠤᠭᠤᠴᠠᠭᠠᠨ᠎ᠳᠤ ᠴᠢᠬᠤᠯᠠ ᠥᠬᠡᠶ ᠪᠣᠯ ᠭᠠᠳᠠᠭ᠍ᠰᠢ ᠭᠠᠷᠬᠤ ᠥᠬᠡᠶ ᠪᠠᠢᠵᠤ᠂ ᠴᠤᠭ᠍ᠯᠠᠷᠠᠯ᠎ᠤᠨ ᠴᠢᠨᠠᠷᠲᠠᠶ ᠠᠵᠢᠯᠯᠠᠭ᠎ᠠ᠎ᠶ᠋ᠢ ᠠᠯᠢ ᠴᠢᠳᠠᠬᠤ᠎ᠪᠠᠷ ᠪᠠᠭᠠᠰᠭᠠᠨ᠂ ᠬᠥᠮᠦᠨ ᠬᠠᠷ᠎ᠠ ᠬᠤᠷᠠᠨ ᠴᠤᠭ᠍ᠯᠠᠷᠠᠬᠤ ᠪᠠ ᠰᠠᠯᠬᠢ ᠨᠡᠪᠲᠡᠷᠡᠬᠦ᠌᠎ᠨᠢ ᠮᠠᠭᠤ ᠣᠯᠠᠨ ᠨᠡᠢᠲᠡ᠎ᠶ᠋ᠢᠨ ᠲᠠᠯᠠᠪᠤᠷ᠎ᠲᠤ ᠬᠦᠷᠬᠦ ᠡᠴᠡ ᠵᠠᠢᠯᠠᠰᠭᠢᠬᠦ ᠬᠡᠷᠡᠭᠳᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面