ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-17 09:35:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠣᠶᠣᠯ ᠪᠠ ᠵᠢᠭᠤᠯᠴᠢᠯᠠᠯ ᠤ᠋ᠨ ᠶᠠᠮᠤᠨ ᠤ᠋ ᠠᠯᠪᠠᠨ ᠲᠢᠩᠬᠢᠮ ᠤ᠋ᠨ《ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠢ᠋ ᠢᠳᠡᠪᠬᠢᠲᠡᠶ ᠠᠷᠭᠠᠴᠠᠭᠠᠵᠤ ᠮᠤᠵᠢ ᠠᠯᠤᠰᠯᠠᠭ᠍ᠰᠠᠨ ᠵᠢᠭᠤᠯᠴᠢᠯᠠᠯ ᠤ᠋ᠨ ᠬᠠᠮᠢᠶᠠᠷᠤᠯᠲᠠ ᠶ᠋ᠢᠨ ᠠᠵᠢᠯ ᠢ᠋ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠮᠡᠳᠡᠭ᠌ᠳᠡᠯ》 ᠪᠤᠯᠤᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠠᠵᠢᠯ ᠲᠥᠷᠥᠯ ᠤ᠋ᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠᠴᠢᠮ ᠪᠠᠢᠳᠠᠯ ᠢ᠋ ᠠᠷᠭᠠᠴᠠᠭᠠᠬᠤ ᠲᠥᠰᠦᠯ (2021ᠣᠨ ᠤ᠋ ᠬᠡᠪᠯᠡᠯ)》ᠵᠡᠷᠭᠡ ᠪᠢᠴᠢᠭ ᠮᠠᠲ᠋ᠧᠷᠢᠶᠠᠯ ᠤ᠋ᠨ ᠱᠠᠭᠠᠷᠳᠠᠯᠭ᠎ᠠ ᠵᠢ ᠦᠨᠳᠦᠰᠦᠯᠡᠨ᠂ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ 2 ᠰᠠᠷ᠎ᠠ ᠵᠢᠨ 16 ᠤ᠋ ᠡᠳᠦᠷ 《ᠮᠣᠵᠢ ᠠᠯᠤᠰᠯᠠᠭ᠍ᠰᠠᠨ ᠪᠦᠯᠬᠦᠮ ᠨᠡᠢᠳᠡ ᠵᠢᠨ ᠵᠢᠭᠤᠯᠴᠢᠯᠠᠯ ᠤ᠋ᠨ ᠠᠵᠢᠯᠯᠠᠭ᠎ᠠ ᠵᠢ ᠲᠦᠷ ᠵᠣᠭ᠍ᠰᠣᠭᠠᠬᠤ ᠲᠤᠬᠠᠶ ᠮᠡᠳᠡᠭ᠌ᠳᠡᠯ》 ᠪᠠᠭᠤᠯᠭᠠᠪᠠ᠃

ᠮᠡᠳᠡᠭᠳᠡᠯ ᠳ᠋ᠤ ᠂ 2 ᠰᠠᠷ᠎ᠠ ᠵᠢᠨ 16 ᠤ᠋ ᠡᠳᠦᠷ ᠡᠴᠡ ᠡᠬᠢᠯᠡᠨ ᠮᠠᠨ ᠤ᠋ ᠣᠷᠣᠨ ᠳ᠋ᠤ ᠣᠷᠣᠵᠤ ᠭᠠᠷᠬᠤ ᠪᠦᠯᠬᠦᠮ ᠨᠡᠢᠲᠡ ᠶ᠋ᠢᠨ ᠵᠢᠭᠤᠯᠴᠢᠯᠠᠯ ᠵᠢᠴᠢ 《ᠨᠢᠰᠭᠡᠯ ᠤ᠋ᠨ ᠪᠢᠯᠧᠲ + ᠪᠠᠭᠤᠳᠠᠯ》 ᠤ᠋ᠨ ᠲᠤᠬᠠᠢᠯᠠᠭ᠍ᠰᠠᠨ ᠠᠵᠢᠯ ᠢ᠋ ᠲᠦᠷ ᠵᠣᠭ᠍ᠰᠣᠭᠠᠨ᠎ᠠ᠃ ᠡᠯ᠎ᠡ ᠨᠢᠭᠡᠴᠢ ᠶ᠋ᠢᠨ᠎ᠬᠢᠨ ᠬᠠᠷᠢᠶ᠎ᠠ ᠣᠷᠣᠨ ᠤ᠋ ᠪᠠᠨ ᠵᠢᠭᠤᠯᠴᠢᠯᠠᠯ ᠤ᠋ᠨ ᠬᠣᠷᠢᠶ᠎ᠠ᠂ ᠵᠢᠭᠤᠯᠴᠢᠯᠠᠯ ᠤ᠋ᠨ ᠠᠵᠤ ᠠᠬᠤᠢᠯᠠᠯ ᠤ᠋ᠨ ᠮᠤᠵᠢ ᠠᠯᠤᠰᠯᠠᠭ᠍ᠰᠠᠨ ᠪᠦᠯᠬᠦᠮ ᠨᠡᠢᠲᠡ ᠶ᠋ᠢᠨ ᠵᠢᠭᠤᠯᠴᠢᠯᠠᠯ ᠵᠢᠴᠢ 《ᠨᠢᠰᠭᠡᠯ ᠤ᠋ᠨ ᠪᠢᠯᠧᠲ + ᠪᠠᠭᠤᠳᠠᠯ》 ᠤ᠋ᠨ ᠲᠤᠬᠠᠢᠯᠠᠭ᠍ᠰᠠᠨ ᠠᠵᠢᠯ ᠢ᠋ ᠲᠦᠷ ᠵᠣᠭ᠍ᠰᠣᠭᠠᠵᠤ᠂ ᠪᠦᠯᠬᠦᠮ ᠨᠡᠢᠳᠡ ᠵᠣᠬᠢᠶᠠᠨ ᠪᠠᠢᠭᠤᠯᠤᠨ ᠪᠤᠰᠤᠳ ᠮᠤᠵᠢ (ᠬᠤᠳᠠ᠂ ᠦᠪᠡᠷᠳᠡᠬᠡᠨ ᠵᠠᠰᠠᠬᠤ ᠣᠷᠣᠨ)ᠳ᠋ᠤ ᠣᠴᠢᠵᠤ ᠵᠢᠭᠤᠯᠴᠢᠯᠠᠬᠤ ᠥᠬᠡᠶ᠂ ᠪᠤᠰᠤᠳ ᠮᠤᠵᠢ (ᠬᠤᠳᠠ᠂ ᠦᠪᠡᠷᠳᠡᠬᠡᠨ ᠵᠠᠰᠠᠬᠤ ᠣᠷᠣᠨ)ᠶ᠋ᠢᠨ ᠮᠠᠨ ᠤ᠋ ᠤᠷᠤᠨ ᠵᠢᠡᠷ ᠢᠷᠡᠵᠦ᠍ ᠵᠢᠭᠤᠯᠴᠢᠯᠠᠬᠤ ᠪᠦᠯᠬᠦᠮ ᠨᠡᠢᠲᠡ ᠵᠢ ᠭᠥᠯᠢᠶᠡᠨ ᠠᠪᠬᠤ ᠥᠬᠡᠶ᠂ ᠳᠤᠮᠳᠠ ᠥᠨᠳᠥᠷ ᠲᠦᠭ᠌ᠰᠢᠭᠦᠷᠢ ᠲᠡᠶ ᠭᠠᠵᠠᠷ ᠣᠷᠣᠨ ᠤ᠋ ᠵᠢᠭᠤᠯᠴᠢᠯᠠᠭ᠍ᠰᠠᠳ ᠢ᠋ ᠵᠣᠬᠢᠶᠠᠨ ᠪᠠᠢᠭᠤᠯᠵᠤ ᠭᠠᠳᠠᠭ᠍ᠰᠢ ᠭᠠᠷᠴᠤ᠌ ᠵᠢᠭᠤᠯᠴᠢᠯᠠᠵᠤ ᠪᠤᠯᠬᠤ ᠥᠬᠡᠶ ᠬᠡᠵᠤ ᠱᠠᠭᠠᠷᠳᠠᠵᠠᠢ ᠃

ᠮᠡᠳᠡᠭᠳᠡᠯ ᠳ᠋ᠤ᠂ ᠨᠢᠭᠡᠨᠲᠡ ᠭᠠᠳᠠᠭᠰᠢ ᠭᠠᠷᠤᠭᠰᠠᠨ ᠵᠢᠭᠤᠯᠴᠢᠯᠠᠯ ᠤ᠋ᠨ ᠪᠦᠯᠬᠦᠮ ᠨᠡᠢᠲᠡ ᠨᠢ ᠡᠷᠬᠡᠪᠰᠢ ᠲᠤᠬᠠᠶ ᠶ᠋ᠢᠨ ᠭᠠᠵᠠᠷ ᠲᠠᠬᠢ ᠵᠢᠭᠤᠯᠴᠢᠯᠠᠯ ᠤ᠋ᠨ ᠠᠵᠢᠯᠯᠠᠭ᠎ᠠ ᠪᠠᠨ ᠲᠦᠷ ᠵᠣᠭ᠍ᠰᠣᠭᠠᠵᠤ᠂ ᠬᠢᠵᠢᠭ ᠤ᠋ᠨ ᠪᠠᠢᠳᠠᠯ ᠢ᠋ ᠵᠢᠭ᠍ᠰᠠᠭᠠᠨ ᠪᠠᠢᠴᠠᠭᠠᠬᠤ ᠬᠠᠮᠢᠶ᠎ᠠ ᠪᠥᠬᠥᠶ ᠠᠵᠢᠯ ᠢ᠋ ᠬᠠᠮᠵᠢᠯᠴᠠᠨ ᠰᠠᠢᠲᠤᠷ ᠬᠢᠵᠦ᠍᠂ ᠲᠤᠬᠠᠶ ᠶ᠋ᠢᠨ ᠭᠠᠵᠠᠷ ᠤ᠋ᠨ ᠵᠠᠮ ᠬᠠᠷᠢᠯᠴᠠᠭ᠎ᠠ᠂ ᠬᠣᠨᠣᠭ ᠪᠠᠭᠤᠳᠠᠯ᠂ ᠢᠳᠡᠭᠡᠨ ᠤᠮᠳᠠᠭᠠᠨ ᠵᠡᠷᠭᠡ ᠲᠠᠯ᠎ᠠ ᠶ᠋ᠢᠨ ᠬᠢᠨ ᠤ᠋ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ ᠵᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠰᠠᠭ ᠵᠠᠬᠢᠷᠭᠠᠨ ᠤ᠋ ᠣᠷᠣᠨ ᠤ᠋ ᠳᠣᠲᠣᠷ᠎ᠠ ᠳᠤᠮᠳᠠ ᠥᠨᠳᠥᠷ ᠲᠦᠭ᠌ᠰᠢᠭᠦᠷᠢ ᠲᠡᠶ ᠭᠠᠵᠠᠷ ᠣᠷᠣᠨ ᠥᠬᠡᠶ ᠪᠣᠯᠤᠭ᠍ᠰᠠᠨ ᠤ᠋ ᠳᠠᠷᠠᠭ᠎ᠠ᠂ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠭᠠᠵᠠᠷ ᠪᠤᠯᠤᠨ ᠵᠢᠭᠤᠯᠴᠢᠯᠠᠯ ᠤ᠋ᠨ ᠠᠵᠤ ᠠᠬᠤᠢᠯᠠᠯ ᠤ᠋ᠨ ᠮᠠᠨ ᠤ᠋ ᠣᠷᠣᠨ ᠳ᠋ᠤ ᠣᠷᠣᠵᠤ ᠭᠠᠷᠬᠤ ᠪᠦᠯᠬᠦᠮ ᠨᠡᠢᠲᠡ ᠶ᠋ᠢᠨ ᠵᠢᠭᠤᠯᠴᠢᠯᠠᠯ ᠵᠢᠴᠢ《ᠨᠢᠰᠭᠡᠯ ᠤ᠋ᠨ ᠪᠢᠯᠧᠲ+ ᠪᠠᠭᠤᠳᠠᠯ》ᠤ᠋ᠨ ᠲᠤᠬᠠᠢᠯᠠᠭ᠍ᠰᠠᠨ ᠠᠵᠢᠯ ᠢ᠋ ᠰᠡᠷᠭᠦᠭᠡᠨ᠎ᠠ ᠬᠡᠵᠤ ᠲᠤᠳᠤᠷᠬᠠᠢᠯᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面