ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-17 09:43:56

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

2 ᠰᠠᠷ᠎ᠠ᠎ᠵᠢᠨ 16 ᠤ᠋ ᠡᠳᠦᠷ᠂ ᠬᠥᠬᠡᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢᠨ ᠵᠥᠪᠯᠡᠯ ᠮᠡᠳᠡᠭᠳᠡᠯ ᠪᠠᠭᠤᠯᠭᠠᠵᠦ᠂ ᠲᠤᠰ ᠡᠳᠦᠷ ᠡᠴᠡ ᠡᠬᠢᠯᠡᠨ ᠬᠥᠬᠡᠬᠣᠲᠠ ᠵᠢᠨ ᠬᠢᠨ ᠪᠥᠬᠥ᠌ ᠬᠣᠲᠠ ᠵᠢᠨ ᠸᠠᠺᠼᠢᠨ ᠤ᠋ ᠲᠠᠷᠢᠯᠭ᠎ᠠ(ᠬᠥᠩᠭᠡᠵᠢᠭᠦᠯᠬᠦ᠌ ᠰᠠᠯᠠᠭ᠎ᠠ ᠲᠠᠢ ᠡᠮᠨᠡᠯᠭᠡ ᠵᠢᠨ ᠬᠣᠷᠢᠶ᠎ᠠ ᠵᠢᠨ ᠨᠢᠯᠬ᠎ᠠ ᠬᠡᠦᠬᠡᠳ᠎ᠦᠨ ᠸᠠᠺᠼᠢᠨ ᠤ᠋ ᠲᠠᠷᠢᠯᠭ᠎ᠠ ᠪᠠ ᠭᠠᠯᠵᠠᠭᠤ ᠡᠪᠡᠳᠴᠢᠨ᠎ᠤ ᠸᠠᠺᠼᠢᠨ ᠤ᠋ ᠲᠠᠷᠢᠯᠭ᠎ᠠ ᠵᠢ ᠪᠠᠭᠳᠠᠭᠠᠬᠤ ᠦᠭᠡᠢ) ᠵᠢᠨ ᠠᠵᠢᠯ ᠢ᠋ ᠲᠦᠷ ᠵᠣᠭ᠍ᠰᠣᠭᠠᠨ᠎ᠠ ᠭᠡᠪᠡ᠃

ᠮᠡᠳᠡᠭᠳᠡᠯ ᠳ᠋ᠦ᠂ ᠬᠥᠬᠡᠬᠣᠲᠠ ᠵᠢᠨ ᠬᠢᠵᠢᠭ᠎ᠦᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠬᠡᠷᠡᠭ᠌ᠴᠡᠭᠡ ᠶᠣᠰᠣᠭᠠᠷ᠂ ᠣᠯᠠᠨ ᠨᠡᠢᠲᠡ ᠵᠢᠨ ᠲᠠᠯᠠᠪᠤᠷ᠎ᠲᠤ ᠬᠥᠮᠦᠰ ᠴᠤᠭ᠍ᠯᠠᠷᠠᠬᠤ᠎ᠠᠴᠠ ᠵᠠᠢᠯᠠᠰᠭᠢᠵᠦ᠍᠂ ᠸᠢᠷᠦ᠋ᠰ᠎ᠦᠨ ᠬᠠᠯᠳᠠᠪᠤᠷᠢᠯᠠᠬᠤ ᠵᠢ ᠬᠣᠷᠢᠭ᠍ᠯᠠᠨ᠂ ᠠᠷᠠᠳ ᠣᠯᠠᠨ ᠤ᠋ ᠠᠮᠢ ᠨᠠᠰᠤ ᠡᠷᠡᠭᠦᠯ ᠮᠡᠨᠳᠦ᠍ ᠵᠢᠨ ᠠᠮᠤᠷ ᠲᠦᠪᠱᠢᠨ ᠢ᠋ ᠦᠨᠡᠨ ᠬᠦ᠌ ᠪᠠᠲᠤᠯᠠᠬᠤ᠎ᠵᠢᠨ ᠲᠦᠯᠦᠭᠡ᠂ ᠬᠥᠬᠡᠬᠣᠲᠠ ᠵᠢᠨ ᠪᠣᠶ ᠪᠥᠬᠥᠶ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ ᠤ᠋ ᠲᠠᠷᠢᠯᠭ᠎ᠠ ᠵᠢᠨ ᠴᠡᠭ (ᠲᠣᠭ᠍ᠲᠠᠮᠠᠯ ᠲᠠᠷᠢᠯᠭ᠎ᠠ᠎ᠲᠠᠷᠢᠬᠤ ᠡᠭᠦᠳᠡᠨ ᠡᠮᠨᠡᠯᠭᠡ᠂ ᠲᠦᠷ ᠴᠠᠭ ᠤ᠋ᠨ ᠲᠠᠷᠢᠯᠭ᠎ᠠ ᠵᠢᠨ ᠴᠡᠭ᠂ ᠨᠡᠭᠦᠳᠡᠯ ᠲᠠᠷᠢᠯᠭ᠎ᠠ ᠵᠢᠨ ᠠᠩᠭᠢ ᠵᠡᠷᠭᠡ ᠪᠠᠭ᠍ᠲᠠᠨ᠎ᠠ)ᠪᠣᠯᠤᠨ ᠬᠡᠦᠬᠡᠳ᠎ᠦᠨ ᠰᠡᠷᠭᠡᠢᠯᠡᠯᠳᠡ᠎ᠵᠢᠨ ᠲᠠᠷᠢᠯᠭ᠎ᠠ ᠲᠠᠷᠢᠬᠤ ᠡᠭᠦᠳᠡᠨ ᠡᠮᠨᠡᠯᠭᠡ ᠳ᠋ᠦ ᠸᠠᠺᠼᠢᠨ ᠤ᠋ ᠲᠠᠷᠢᠯᠭ᠎ᠠ ᠲᠠᠷᠢᠬᠤ ᠠᠵᠢᠯ ᠢ᠋ ᠲᠦᠷ ᠵᠣᠭ᠍ᠰᠣᠭᠠᠵᠤ᠂ ᠲᠠᠷᠢᠯᠭ᠎ᠠ ᠰᠡᠷᠭᠦᠭᠡᠭᠦ ᠴᠠᠭ ᠢ᠋ ᠠᠰ᠎ᠲᠤᠨᠢ ᠮᠡᠳᠡᠭ᠌ᠳᠡᠨ᠎ᠡ᠃ ᠡᠯ᠎ᠡ ᠬᠣᠱᠢᠭᠤ ᠱᠢᠶᠠᠨ ᠲᠣᠭᠣᠷᠢᠭ᠎ᠤᠨ ᠬᠢᠨ ᠱᠠᠭᠠᠷᠳᠠᠯᠭ᠎ᠠ ᠶᠣᠰᠣᠭᠠᠷ ᠠᠯᠪᠠᠨ ᠵᠠᠷᠯᠠᠯ᠎ᠨᠡᠢᠲᠡᠯᠡᠬᠦ᠌ ᠠᠵᠢᠯ ᠢ᠋ ᠰᠠᠢᠲᠤᠷ ᠬᠢᠵᠦ᠍ ᠂ ᠣᠯᠠᠨ ᠲᠦᠮᠡᠨ ᠳ᠋ᠦ ᠬᠢᠵᠢᠭ ᠤ᠋ᠨ ᠪᠠᠢᠳᠠᠯ ᠢ᠋ ᠲᠠᠢᠯᠪᠤᠷᠢᠯᠠᠬᠤ ᠠᠵᠢᠯ ᠢ᠋ ᠢᠳᠡᠪᠬᠢᠲᠡᠶ ᠰᠠᠢᠲᠤᠷ ᠬᠢᠬᠦ᠌ ᠬᠡᠷᠡᠭ᠌ᠲᠡᠶ᠃ ᠨᠢᠯᠬ᠎ᠠ ᠬᠡᠦᠬᠡᠳ᠎ᠦᠨ ᠸᠠᠺᠼᠢᠨ ᠤ᠋ ᠲᠠᠷᠢᠯᠭ᠎ᠠ ᠪᠠ ᠭᠠᠯᠵᠠᠭᠤ ᠡᠪᠡᠳᠴᠢᠨ᠎ᠤ ᠸᠠᠺᠼᠢᠨ ᠤ᠋ ᠲᠠᠷᠢᠯᠭ᠎ᠠ᠎ᠲᠠᠷᠢᠬᠤ ᠡᠭᠦᠳᠡᠨ ᠡᠮᠨᠡᠯᠭᠡ᠎ᠵᠢᠨ ᠬᠢᠨ ᠬᠢᠵᠢᠭ᠎ᠦᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠢ᠋ ᠰᠠᠢᠲᠤᠷ ᠬᠢᠵᠦ᠍ ᠂ ᠬᠥᠮᠦᠨ ᠬᠠᠷ᠎ᠠ ᠴᠤᠭ᠍ᠯᠠᠷᠠᠬᠤ᠎ᠠᠴᠠ ᠵᠠᠢᠯᠠᠰᠭᠢᠬᠦ ᠬᠡᠷᠡᠭ᠌ᠲᠡᠶ᠃ ᠬᠥᠬᠡᠬᠣᠲᠠ ᠵᠢᠨ ᠬᠢᠵᠢᠭ᠎ᠦᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠᠢᠳᠠᠯ ᠤ᠋ᠨ ᠬᠤᠪᠢᠷᠠᠯᠲᠠ ᠵᠢ ᠳᠠᠭᠠᠯᠳᠤᠨ᠂ ᠬᠥᠬᠡᠬᠣᠲᠠ ᠵᠢᠨ ᠬᠢᠨ ᠪᠥᠬᠥ᠌ ᠬᠣᠲᠠ ᠵᠢᠨ ᠸᠠᠺᠼᠢᠨ ᠤ᠋ ᠲᠠᠷᠢᠯᠭ᠎ᠠ ᠵᠢᠨ ᠠᠵᠢᠯ ᠢ᠋ ᠴᠠᠭ ᠲᠤᠬᠠᠶ᠎ᠳᠤᠨᠢ ᠰᠡᠷᠭᠦᠭᠡᠵᠦ᠍᠂ ᠪᠥᠬᠥ᠌ ᠬᠣᠲᠠ ᠵᠢᠨ ᠸᠠᠺᠼᠢᠨ ᠤ᠋ ᠲᠠᠷᠢᠯᠭ᠎ᠠ ᠵᠢ ᠲᠦᠷᠭᠡᠨ ᠠᠬᠢᠭᠤᠯᠤᠨ᠎ᠠ᠂ ᠡᠯ᠎ᠡ ᠭᠠᠵᠠᠷ ᠤ᠋ᠨ᠎ᠬᠢᠨ ᠬᠠᠮᠢᠶ᠎ᠠ ᠪᠥᠬᠥᠶ ᠪᠡᠯᠡᠳᠭᠡᠯ ᠠᠵᠢᠯ᠎ᠵᠢᠡᠨ ᠡᠷᠲᠡᠬᠡᠨ ᠰᠠᠢᠲᠤᠷ ᠬᠢᠬᠦ᠌᠎ᠭᠡᠷᠡᠭᠳᠠᠢ᠃ ᠮᠡᠳᠡᠭ᠌ᠳᠡᠯ ᠢ᠋ ᠲᠤᠰ ᠡᠳᠦᠷ ᠡᠴᠡ ᠡᠬᠢᠯᠡᠨ ᠬᠡᠷᠡᠭ᠌ᠵᠢᠭᠦᠯᠬᠦ᠌ ᠵᠢᠨ ᠬᠠᠮᠲᠤ ᠬᠢᠵᠢᠭ᠎ᠦᠨ ᠪᠠᠢᠳᠠᠯ ᠤ᠋ᠨ ᠬᠤᠪᠢᠷᠠᠯᠲᠠ ᠵᠢ ᠦᠨᠳᠦᠰᠦᠯᠡᠨ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠨ᠎ᠡ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面