ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-18 10:51:48

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ᠎ᠶᠢᠨ 17 ᠎ᠤ ᠡᠳᠦᠷ᠂ ᠬᠥᠬᠡᠬᠣᠲᠠ᠎ᠶᠢᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ᠎ᠦᠨ ᠬᠤᠷᠠᠯᠳᠤᠭᠤᠯᠤᠭ᠍ᠰᠠᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠬᠥᠬᠡᠬᠣᠲᠠ᠎ᠶᠢᠨ ᠬᠢᠵᠢᠭ᠎ᠦᠨ ᠪᠠᠢᠳᠠᠯ ᠳᠠᠷᠬᠠᠨ ᠳᠡᠯᠭᠡᠷᠡᠬᠦ᠌ ᠠᠶᠤᠯ ᠲᠦᠭ᠌ᠰᠢᠭᠦᠷᠢ᠎ᠶᠢ ᠪᠦᠲᠦᠮᠵᠢᠲᠡᠶ ᠠᠷᠭᠠᠴᠠᠭᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠪᠠ ᠬᠦᠭᠡᠬᠣᠲᠠ᠎ᠶᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠦᠨᠡᠯᠡᠨ ᠵᠢᠱ᠌ᠢᠵᠦ᠍ ᠰᠤᠳᠤᠯᠤᠨ ᠮᠠᠭᠠᠳᠯᠠᠬᠤ᠎ᠪᠠᠷ ᠳᠡᠮᠵᠢᠨ᠂ ᠭᠤᠤᠯᠳᠠᠯᠭ᠎ᠠ᠎ᠲᠠᠶ ᠣᠷᠣᠨ ᠪᠦᠰᠡ᠎ᠶᠢᠨ ᠬᠥᠮᠦᠰ᠎ᠦᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶᠢᠨ ᠬᠡᠪᠴᠢᠶ᠎ᠡ᠎ᠶᠢ ᠬᠣᠲᠠ᠎ᠶᠢᠨ 4 ᠲᠣᠭᠣᠷᠢᠭ ᠪᠠ ᠦᠴᠦᠸᠠᠨ ᠱᠢᠶᠠᠨ᠎ᠤ ᠪᠥᠬᠥ᠌ ᠣᠷᠣᠨ ᠪᠦᠰᠡ᠂ ᠲᠦᠮᠡᠳ ᠵᠡᠭᠦᠨ ᠬᠣᠱᠢᠭᠤᠨ᠎ᠤ ᠬᠡᠰᠡᠭ ᠣᠷᠣᠨ ᠪᠦᠰᠡ᠎ᠶᠢᠨ ᠬᠥᠮᠦᠰ᠎ᠢᠶᠡᠷ ᠲᠣᠭ᠍ᠲᠠᠭᠠᠪᠠ᠃ ᠬᠥᠬᠡᠬᠣᠲᠠ᠎ᠶᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ 2 ᠰᠠᠷ᠎ᠠ᠎ᠶᠢᠨ 17 ᠎ᠤ ᠡᠳᠦᠷ᠎ᠦᠨ 15 ᠴᠠᠭ ᠡᠴᠡ 20 ᠴᠠᠭ᠎ᠤᠨ ᠬᠤᠭᠤᠷᠤᠨᠳᠦ ᠲᠣᠰ ᠠᠵᠢᠯ᠎ᠢ ᠥᠷᠨᠢᠭᠦᠯᠬᠦ᠌᠎ᠪᠡᠷ ᠲᠣᠭ᠍ᠲᠠᠪᠠ᠃

ᠣᠳᠣᠬᠠᠨ᠎ᠳᠤ ᠬᠥᠬᠡᠬᠣᠲᠠ ᠨᠢᠭᠡᠨᠲᠡ 10 ᠲᠤᠰᠭᠠᠶ ᠠᠵᠢᠯ᠎ᠤᠨ ᠳᠤᠭᠤᠢᠯᠠᠩ ᠪᠠᠢᠭᠤᠯᠵᠤ᠂ ᠪᠥᠭᠡᠮ ᠬᠦᠴᠢᠯ᠎ᠦᠨ ᠰᠢᠯᠭᠠᠨ ᠪᠠᠢᠴᠠᠭᠠᠯᠲᠡ᠎ᠶᠢ ᠵᠣᠬᠢᠶᠠᠨ ᠪᠠᠢᠭᠤᠯᠬᠤ᠂ ᠥᠯᠢᠭᠡᠷ ᠠᠪᠬᠤ᠂ ᠲᠡᠭᠡᠭᠡᠪᠦᠷᠢᠯᠡᠨ ᠬᠦᠷᠭᠡᠬᠦ᠌᠂ ᠬᠢᠨᠠᠨ ᠬᠡᠮᠵᠢᠬᠦ᠌᠂ ᠮᠡᠳᠡᠭᠦᠯᠦᠯᠲᠡ ᠬᠢᠬᠦ᠌ ᠵᠡᠷᠭᠡ ᠡᠯ᠎ᠡ ᠭᠣᠭ᠍ᠴᠣᠭ᠎ᠠ᠎ᠶᠢᠨ ᠠᠵᠢᠯ᠎ᠤᠨ ᠶᠠᠪᠤᠴᠠ᠎ᠶᠢ ᠵᠢᠷᠤᠮᠵᠢᠭᠤᠯᠤᠨ ᠨᠠᠷᠢᠯᠢᠬ᠍ᠵᠢᠭᠤᠯᠪᠠ᠃ ᠪᠥᠬᠥ᠌ ᠬᠣᠲᠠ᠎ᠶᠢᠨ ᠬᠥᠮᠦᠨ ᠠᠮᠠ᠎ᠶᠢᠨ ᠲᠠᠷᠬᠠᠯᠲᠠ᠎ᠶᠢᠨ ᠪᠠᠢᠳᠠᠯ᠎ᠢ ᠦᠨᠳᠦᠰᠦᠯᠡᠨ᠂ ᠪᠥᠭᠡᠮ ᠬᠦᠴᠢᠯ᠎ᠦᠨ ᠥᠯᠢᠭᠡᠷ ᠠᠪᠬᠤ ᠴᠡᠭ᠎ᠢ 2200᠂ ᠥᠯᠢᠭᠡᠷ ᠠᠪᠬᠤ ᠲᠠᠪᠴᠠᠩ᠎ᠢ 4270᠂ ᠥᠯᠢᠭᠡᠷ ᠠᠪᠬᠤ ᠠᠵᠢᠯᠲᠠᠨ᠎ᠢ 9664᠂ ᠪᠡᠯᠡᠳᠭᠡᠯ ᠪᠥᠭᠡᠮ ᠬᠦᠴᠢᠯ᠎ᠦᠨ ᠱᠢᠯᠭᠠᠨ ᠪᠠᠢᠴᠠᠭᠠᠬᠤ ᠠᠵᠢᠯᠲᠠᠨ᠎ᠢ 438 ᠲᠣᠬᠢᠷᠠᠭᠤᠯᠪᠠ᠃ ᠰᠦᠯᠵᠢᠶᠡᠵᠢᠭ᠌ᠰᠡᠨ ᠬᠠᠮᠢᠶᠠᠷᠤᠯᠲᠠ᠎ᠶᠢᠨ ᠵᠠᠭ᠍ᠪᠤᠷ ᠶᠣᠰᠣᠭᠠᠷ᠂ ᠲᠣᠭᠣᠷᠢᠭ ᠬᠤᠪᠢᠶᠠᠨ ᠬᠡᠰᠡᠭ ᠳᠠᠭᠠᠭᠠᠴᠢᠯᠠᠨ ᠲᠤᠰᠠᠯᠠᠬᠤ ᠲᠣᠭ᠍ᠲᠠᠴᠠ᠎ᠶᠢ ᠪᠠᠢᠭᠤᠯᠵᠤ᠂ ᠦᠯᠢᠭᠡᠷ ᠠᠪᠬᠤ᠂ ᠬᠦᠷᠭᠡᠬᠦ᠌᠂ ᠭᠢᠨᠠᠨ ᠭᠡᠮᠵᠢᠭᠦ᠂ ᠮᠡᠳᠡᠭᠦᠯᠬᠦ᠌ ᠪᠥᠬᠥ᠌ ᠬᠠᠷᠢᠭᠤᠴᠠᠯᠭ᠎ᠠ᠎ᠶᠢ ᠬᠥᠮᠦᠨ᠎ᠪᠦᠷᠢ ᠳ᠋ᠦ᠍ ᠬᠦᠷᠲᠡᠯ᠎ᠡ ᠨᠠᠢᠳᠠᠪᠤᠷᠢᠵᠢᠭᠤᠯᠵᠤ᠂ ᠪᠥᠬᠥ᠌ ᠶᠠᠪᠤᠴᠠ᠎ᠶᠢ ᠮᠡᠳᠡᠭᠡ ᠵᠠᠩᠭᠢᠵᠢᠭᠤᠯᠤᠨ᠎ᠠ᠃

ᠣᠳᠣᠬᠠᠨ ᠪᠣᠯᠲᠠᠯ᠎ᠠ᠂ ᠪᠥᠬᠥ᠌ ᠬᠣᠲᠠ᠎ᠶᠢᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ(ᠭᠤᠷᠪᠠᠳᠠᠬᠢ ᠡᠲᠡᠭᠡᠳ᠎ᠦᠨ ᠱᠢᠯᠭᠠᠨ ᠪᠠᠢᠴᠠᠭᠠᠬᠤ ᠪᠠᠢᠭᠤᠯᠤᠮᠵᠢ ᠪᠠᠭ᠍ᠲᠠᠨ᠎ᠠ)᠎ᠶᠢᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶᠢᠨ ᠡᠳᠦᠷ᠎ᠦᠨ ᠬᠠᠭᠤᠳᠠᠰᠤ᠎ᠶᠢᠨ ᠱᠢᠯᠭᠠᠨ ᠪᠠᠢᠴᠠᠭᠠᠯᠲᠠ᠎ᠨᠢ 22 ᠲᠦᠮᠡᠨ ᠰᠢᠷᠭᠡᠭ᠎ᠲᠤ ᠬᠦᠷᠴᠦ᠍ ᠪᠣᠶ᠃ ᠡᠭᠦᠨ᠎ᠦ ᠬᠠᠮᠲᠤ ᠬᠥᠬᠡᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ᠎ᠶᠢ ᠳᠤᠭᠢᠷᠠᠭᠤᠯᠤᠨ᠂ ᠱᠢᠨ᠎ᠡ ᠲᠢᠲᠢᠮᠯᠢᠭ ᠪᠥᠭᠡᠮ ᠬᠦᠴᠢᠯ᠎ᠦᠨ 3 ᠴᠢᠩᠭᠡᠯᠢᠭ᠎ᠦᠨ ᠲᠤᠷᠱᠢᠯᠲᠠ᠎ᠶᠢᠨ ᠲᠠᠰᠤᠭ ᠪᠣᠯᠤᠨ 3 ᠴᠢᠩᠭᠡᠯᠢᠭ᠎ᠤᠨ CT ᠪᠠᠢᠴᠠᠭᠠᠯᠲᠠ ᠵᠢᠨ ᠳᠠᠰᠤᠭ᠎ᠢ ᠨᠢᠭᠡᠨᠲᠡ ᠪᠣᠳᠠᠲᠠᠢ ᠪᠠᠢᠷᠢᠯᠠᠭᠤᠯᠵᠤ᠂ ᠬᠥᠬᠡᠬᠣᠲᠠ᠎ᠶᠢᠨ ᠨᠢᠭᠡᠳᠦᠭᠡᠷ ᠡᠮᠨᠡᠯᠭᠡ᠎ᠶᠢᠨ ᠬᠣᠷᠢᠶ᠎ᠠ᠂ ᠮᠣᠩᠭᠣᠯ ᠬᠢᠲᠠᠳ ᠡᠮᠨᠡᠯᠭᠡ᠎ᠶᠢᠨ ᠬᠣᠷᠢᠶ᠎ᠠ᠂ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶ᠎ᠠ ᠳ᠋ᠦ ᠴᠢᠩᠭᠡᠯᠢᠭ᠎ᠢ ᠶᠠᠭ ᠤᠭ᠍ᠰᠠᠷᠠᠵᠤ ᠪᠣᠶ᠃ ᠪᠥᠬᠥ᠌ ᠬᠣᠲᠠ᠎ᠶᠢᠨ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠦ ᠪᠠᠢᠭᠤᠯᠤᠮᠵᠢ ᠪᠠ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠪᠠᠢᠭᠤᠯᠤᠮᠵᠢ᠎ᠶᠢᠨ ᠪᠥᠭᠡᠮ ᠬᠦᠴᠢᠯ᠎ᠢ ᠱᠢᠯᠭᠠᠨ ᠪᠠᠢᠴᠠᠭᠠᠬᠤ ᠲᠤᠷᠱᠢᠯᠲᠠ᠎ᠶᠢᠨ ᠲᠠᠰᠤᠭ᠎ᠤᠨ ᠮᠡᠳᠡᠭᠡ ᠵᠠᠩᠭᠢᠵᠢᠯᠲᠠ᠎ᠶᠢᠨ ᠱᠢᠰᠲ᠋ᠧᠮ᠎ᠢ ᠴᠥᠮ ᠳ᠋ᠦᠩ ᠷᠤᠸᠠᠨ ᠱᠢᠰᠲ᠋ᠧᠮ᠎ᠳᠦ ᠵᠠᠯᠭᠠᠨ ᠣᠷᠣᠭᠤᠯᠵᠤ᠂ ᠪᠥᠭᠡᠮ ᠬᠦᠴᠢᠯ᠎ᠢ ᠱᠢᠯᠭᠠᠨ ᠪᠠᠢᠴᠠᠭᠠᠵᠤ ᠦᠯᠢᠭᠡᠷ ᠠᠪᠬᠤ᠂ ᠬᠦᠷᠭᠡᠬᠦ᠌᠂ ᠪᠠᠢᠴᠠᠭᠠᠬᠤ᠂ ᠮᠡᠳᠡᠭᠦᠯᠬᠦ᠌ ᠮᠡᠳᠡᠭᠡ ᠵᠠᠩᠭᠢ᠎ᠶᠢ ᠲᠦᠷᠭᠡᠨ ᠪᠥᠭᠡᠳ ᠣᠨᠣᠪᠴᠢᠲᠠᠶ ᠪᠠᠢᠯᠭᠠᠬᠤ ᠪᠠ ᠴᠠᠭ ᠲᠤᠬᠠᠶ᠎ᠳᠤᠨᠢ ᠬᠢᠨᠠᠨ ᠬᠡᠮᠵᠢᠬᠦ᠌᠎ᠶᠢ ᠪᠡᠶᠡᠯᠡᠭᠦᠯᠪᠡ᠃

ᠥᠷᠭᠡᠨ ᠣᠯᠠᠨ ᠬᠣᠲᠠ᠎ᠶᠢᠨ ᠠᠷᠠᠳ ᠪᠡᠶ᠎ᠡ᠎ᠶᠢᠨ ᠦᠨᠡᠮᠯᠡᠯ ᠪᠠ ᠣᠶᠤᠨᠲᠤ ᠭᠠᠷ ᠤᠲᠠᠰᠤ᠎ᠪᠠᠨ ᠠᠪᠬᠤ ᠬᠡᠷᠡᠭ᠌ᠲᠡᠶ᠂ ᠣᠶᠤᠨᠲᠤ ᠭᠠᠷ ᠤᠲᠠᠰᠤ ᠥᠬᠡᠶ ᠬᠥᠮᠦᠰ ᠪᠡᠶ᠎ᠡ᠎ᠶᠢᠨ ᠦᠨᠡᠮᠯᠡᠯ᠎ᠢᠶᠡᠨ ᠠᠪᠬᠤ ᠬᠡᠷᠡᠭ᠌ᠲᠡᠶ ᠪᠥᠭᠡᠳ ᠨᠡᠷ᠎ᠡ᠂ ᠪᠡᠶ᠎ᠡ᠎ᠶᠢᠨ ᠦᠨᠡᠮᠯᠡᠯ᠎ᠦᠨ ᠨᠣᠮᠧᠷ᠂ ᠬᠡᠷ ᠪᠦᠯᠢ᠎ᠶᠢᠨ ᠬᠠᠢᠭ(ᠪᠣᠳᠠᠲᠠᠶ ᠡᠭᠦᠳᠡᠨ ᠫᠠᠢᠰᠠ᠎ᠶᠢᠨ ᠨᠣᠮᠧᠷ ᠭᠦᠷᠳᠠᠯ᠎ᠠ)ᠪᠠ ᠬᠠᠷᠢᠯᠴᠠᠬᠤ ᠤᠲᠠᠰᠤ᠎ᠶᠢ ᠴᠠᠭᠠᠰᠤᠨ ᠳᠡᠭᠡᠷ᠎ᠡ ᠤᠷᠢᠳᠴᠢᠯᠠᠨ ᠲᠣᠳᠣᠷᠬᠠᠶ ᠪᠢᠴᠢᠬᠦ᠌ ᠬᠡᠷᠡᠭ᠌ᠲᠡᠶ︔ ᠪᠥᠭᠡᠮ ᠬᠦᠴᠢᠯ᠎ᠢ ᠱᠢᠯᠭᠠᠨ ᠪᠠᠢᠴᠠᠭᠠᠬᠤ ᠪᠥᠬᠥ᠌ ᠶᠠᠪᠤᠴᠠ᠎ᠳᠤ ᠠᠮᠠᠪᠴᠢ ᠵᠡᠭᠦᠵᠦ᠍᠂ ᠬᠤᠪᠢ ᠬᠥᠮᠦᠨ᠎ᠦ ᠬᠠᠮᠠᠭᠠᠯᠠᠯᠲᠠ᠎ᠶᠢ ᠰᠠᠢᠲᠤᠷ ᠬᠢᠬᠦ᠌ ᠬᠡᠷᠡᠭ᠌ᠲᠡᠶ︔ ᠱᠢᠯᠭᠠᠨ ᠪᠠᠢᠴᠠᠭᠠᠬᠤ᠎ᠪᠠᠷ ᠬᠦᠯᠢᠶᠡᠵᠦ᠍ ᠪᠠᠢᠭ᠎ᠠ ᠬᠥᠮᠦᠰ᠎ᠦᠨ ᠬᠣᠭᠣᠷᠣᠨᠳᠣᠬᠢ ᠵᠠᠶ᠎ᠳᠤ《1 ᠮᠧᠲ᠋ᠷ᠎ᠦᠨ ᠱᠤᠭᠤᠮ》᠎ᠢ ᠴᠢᠩᠭ᠎ᠠ ᠨᠠᠢᠳᠠᠪᠤᠷᠢᠵᠢᠭᠤᠯᠵᠤ᠂ ᠬᠥᠮᠦᠰ ᠴᠤᠭ᠍ᠯᠠᠷᠠᠬᠤ᠎ᠠᠴᠠ ᠵᠠᠢᠯᠠᠰᠭᠢᠵᠦ᠍᠂ ᠰᠣᠯᠪᠢᠴᠠᠨ ᠬᠠᠯᠳᠠᠪᠤᠷᠢᠯᠠᠬᠤ᠎ᠠᠴᠠ ᠰᠡᠷᠭᠡᠢᠯᠡᠨ᠎ᠡ︔ ᠱᠢᠯᠭᠠᠨ ᠪᠠᠢᠴᠠᠭᠠᠬᠤ ᠭᠦᠮᠦᠰ ᠡᠷᠬᠡᠪᠰᠢ ᠠᠵᠢᠯᠲᠠᠨ᠎ᠤ ᠵᠢᠯᠣᠭᠣᠳᠣᠯᠭ᠎ᠠ᠎ᠶᠢ ᠳᠠᠭᠠᠵᠤ᠂ ᠥᠯᠢᠭᠡᠷ ᠠᠪᠬᠤ ᠬᠥᠮᠦᠰ᠎ᠦᠨ ᠲᠠᠩ ᠴᠢᠭ᠌ᠯᠡᠯ᠎ᠢᠶᠡᠷ ᠱᠢᠯᠵᠢᠬᠦ᠌᠎ᠶᠢ ᠪᠡᠶᠡᠯᠡᠭᠦᠯᠦᠨ᠎ᠡ᠃ ᠥᠷᠭᠡᠨ ᠣᠯᠠᠨ ᠬᠣᠲᠠ᠎ᠶᠢᠨ ᠠᠷᠠᠳ ᠢᠳᠡᠪᠬᠢᠲᠡᠶ ᠬᠠᠮᠵᠢᠯᠴᠠᠵᠤ᠂ ᠥᠯᠢᠭᠡᠷ ᠠᠪᠬᠤ ᠲᠤᠬᠠᠶ᠎ᠶᠢᠨ ᠲᠠᠯᠠᠪᠠᠶ᠎ᠶᠢᠨ ᠬᠠᠮᠢᠶ᠎ᠠ ᠪᠥᠬᠥᠶ ᠲᠣᠭ᠍ᠲᠠᠭᠠᠯ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶᠢᠨ ᠠᠵᠢᠯ᠎ᠢ ᠲᠦᠷᠭᠡᠨ ᠪᠡᠶᠡᠯᠡᠭᠦᠯᠬᠦ᠌ ᠬᠡᠷᠡᠭ᠌ᠲᠡᠶ᠃

ᠢᠷᠡᠯᠳᠠ᠄ ᠤᠮᠠᠷᠠᠳᠦ ᠵᠢᠨ ᠰᠢᠨ᠎ᠠ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面