2022-02-20 20:31:58
ᠰᠤᠷᠪᠤᠯᠵᠢᠯᠠᠭᠴᠢ ᠥᠪᠡᠷᠲᠡᠭᠡᠨ ᠵᠠᠰᠠᠬᠤ ᠤᠷᠤᠨ᠎ᠤ ᠰᠤᠷᠭᠠᠨ ᠬᠥᠮᠥᠵᠢᠯ᠎ᠤᠨ ᠲᠢᠩᠬᠢᠮ᠎ᠡᠴᠡ ᠤᠢᠯᠠᠭᠠᠭᠰᠠᠨ᠎ᠢᠶᠡᠷ᠂ ᠰᠢᠨ᠎ᠠ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠤᠢᠷᠠᠳᠬᠤ᠎ᠪᠠᠷ᠂ ᠮᠠᠨ᠎ᠤ ᠤᠷᠤᠨ᠎ᠤ ᠡᠯ᠎ᠡ ᠠᠢᠮᠠᠭ ᠬᠤᠲᠠ ᠵᠢᠨ ᠬᠢᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠭᠤᠯᠢ ᠡᠬᠢᠯᠡᠬᠦ ᠴᠠᠭ ᠵᠢᠴᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠱᠠᠭᠠᠷᠳᠠᠯᠭ᠎ᠠ᠎ᠶᠢ ᠳᠤᠲᠤᠷᠬᠠᠢᠯᠠᠵᠤ᠂ ᠰᠤᠷᠭᠠᠭᠤᠯᠢ ᠡᠬᠢᠯᠡᠬᠦ ᠡᠯ᠎ᠡ ᠵᠦᠢᠯ᠎ᠤᠨ ᠪᠡᠯᠡᠳᠭᠡᠯ ᠠᠵᠢᠯ᠎ᠢ ᠰᠢᠨᠵᠢᠯᠡᠬᠦ ᠤᠬᠠᠭᠠᠨᠴᠢ ᠪᠡᠷ ᠪᠦᠲᠦᠮᠵᠢᠲᠡᠢ ᠰᠠᠢᠲᠤᠷ ᠬᠢᠵᠦ ᠪᠠᠢᠨ᠎ᠠ᠃
ᠣᠢᠯᠠᠭᠠᠭ᠍ᠰᠠᠨ᠎ᠢᠶᠠᠷ᠂ ᠣᠳᠣᠬᠠᠨ᠎ᠳᠤ ᠮᠠᠨ᠎ᠤ ᠤᠷᠤᠨ᠎ᠤ ᠡᠯ᠎ᠡ ᠠᠢᠮᠠᠭ ᠬᠣᠲᠠ᠎ᠶ᠋ᠢᠨ ᠦᠨᠳᠦᠷ ᠳᠤᠮᠳᠠᠳᠤ᠎ᠶᠢᠨ ᠭᠤᠷᠪᠠᠳᠤᠭᠠᠷ ᠣᠨ ᠵᠠᠯᠭᠠᠭ᠎ᠠ᠎ᠪᠠᠷ ᠰᠢᠨ᠎ᠡ ᠰᠤᠷᠤᠯᠭ᠎ᠠ ᠵᠢᠨ ᠬᠤᠭᠤᠴᠠᠭ᠎ᠠ ᠪᠡᠨ ᠡᠬᠢᠯᠡᠬᠦᠯᠵᠦ᠍᠂ ᠬᠡᠰᠡᠭ ᠠᠢᠮᠠᠭ ᠬᠣᠲᠠ᠎ᠶ᠋ᠢᠨ ᠦᠨᠳᠦᠷ ᠳᠤᠮᠳᠠᠳᠤ᠎ᠶᠢᠨ ᠨᠢᠭᠡᠳᠦᠭᠡᠷ᠂ ᠬᠣᠶᠠᠳᠤᠭᠠᠷ ᠣᠨ ᠨᠢ 2 ᠰᠠᠷ᠎ᠠ᠎ᠶ᠋ᠢᠨ 21 ᠤ᠋ ᠡᠳᠦᠷ ᠰᠤᠷᠭᠠᠭᠤᠯᠢ ᠡᠬᠢᠯᠡᠬᠦ᠌᠎ᠪᠡᠷ ᠲᠥᠯᠥᠪᠯᠡᠵᠦ᠍ ᠪᠠᠢᠬᠤ᠎ᠠᠴᠠ ᠭᠠᠳᠠᠨ᠎ᠠ᠂ ᠣᠯᠠᠩᠬᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ 2 ᠰᠠᠷ᠎ᠠ᠎ᠶ᠋ᠢᠨ 28 ᠤ᠋ ᠡᠳᠦᠷ᠂ 3 ᠰᠠᠷ᠎ᠠ᠎ᠶ᠋ᠢᠨ 1᠎ᠤ᠋ ᠡᠳᠦᠷ ᠡᠴᠡ ᠬᠢᠴᠢᠶᠡᠯᠯᠡᠵᠦ ᠡᠬᠢᠯᠡᠨ᠎ᠡ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠡᠯ᠎ᠡ ᠠᠢᠮᠠᠭ ᠬᠣᠲᠠ᠂ ᠬᠣᠱᠢᠭᠤ ᠱᠢᠶᠠᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠬᠢᠨ ᠲᠣᠭ᠍ᠲᠠᠭ᠍ᠰᠠᠨ ᠰᠤᠷᠭᠠᠭᠤᠯᠢ ᠡᠬᠢᠯᠡᠬᠦ᠌ ᠴᠠᠭ ᠬᠤᠭᠤᠴᠠᠭ᠎ᠠ ᠶᠣᠰᠣᠭᠠᠷ᠂ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠰᠤᠷᠭᠠᠭᠤᠯᠢ ᠡᠬᠢᠯᠡᠬᠦ᠌ ᠠᠵᠢᠯ᠎ᠢ ᠬᠢᠨᠠᠮᠠᠭᠠᠶ ᠰᠠᠢᠲᠤᠷ ᠵᠣᠬᠢᠶᠠᠨ ᠪᠠᠢᠭᠤᠯᠬᠤ ᠬᠡᠷᠡᠭ᠌ᠲᠡᠶ᠂ ᠰᠤᠷᠭᠠᠨ ᠬᠥᠮᠦᠵᠢᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠦᠪᠰᠢᠶᠡᠷᠡᠯ ᠦᠬᠡᠢ ᠪᠡᠷ ᠳᠤᠷ᠎ᠠ᠎ᠪᠠᠷ᠎ᠢᠶᠠᠨ ᠤᠷᠢᠳᠴᠢᠯᠠᠨ ᠰᠤᠷᠭᠠᠭᠤᠯᠢ ᠡᠬᠢᠯᠡᠵᠦ᠍ ᠪᠣᠯᠬᠤ ᠦᠭᠡᠶ᠃ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠶ᠋ᠢᠨ ᠪᠠᠭ᠍ᠰᠢ ᠰᠣᠷᠣᠭ᠍ᠴᠢ ᠠᠵᠢᠯᠳᠠᠨ ᠰᠤᠷᠭᠠᠭᠤᠯᠢ᠎ᠳᠠᠭᠠᠨ ᠪᠤᠴᠠᠵᠤ ᠰᠤᠷᠭᠠᠭᠤᠯᠢ᠎ᠳᠤ ᠣᠷᠣᠬᠤ᠎ᠳᠠᠭᠠᠨ ᠪᠡᠶ᠎ᠡ᠎ᠶ᠋ᠢᠨ ᠬᠠᠯᠠᠭᠤᠨ ᠵᠢᠡᠨ ᠬᠡᠮᠵᠢᠵᠦ᠂ ᠪᠡᠶ᠎ᠡ᠎ᠶ᠋ᠢᠨ ᠭᠠᠷᠤᠯ ᠂ ᠡᠷᠡᠭᠦᠯ ᠮᠡᠨᠳᠦ᠍᠎ᠶ᠋ᠢᠨ ᠺᠣᠳ᠋ ᠪᠠ ᠠᠶᠠᠯᠠᠯ᠎ᠤᠨ ᠺᠠᠷᠲ᠎ᠢᠶᠠᠨ ᠬᠢᠨᠠᠨ ᠬᠠᠷᠭᠤᠭᠤᠯᠬᠤ ᠬᠡᠷᠡᠭ᠌ᠲᠡᠶ᠃ ᠮᠤᠵᠢ ᠣᠷᠣᠨ ᠠᠯᠤᠰᠯᠠᠨ ᠰᠤᠷᠭᠠᠭᠤᠯᠢ᠎ᠳ᠋ᠠᠭᠠᠨ ᠪᠤᠴᠠᠬᠤ ᠪᠠᠭ᠍ᠰᠢ ᠰᠣᠷᠣᠭ᠍ᠴᠢ ᠠᠵᠢᠯᠳᠠᠨ ᠰᠤᠷᠭᠠᠭᠤᠯᠢ᠎ᠳᠤ ᠣᠷᠣᠬᠤ᠎ᠠᠴᠠ᠎ᠪᠠᠨ ᠡᠮᠦᠨ᠎ᠡ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ ᠪᠠᠢᠬᠤ ᠬᠡᠷᠡᠭ᠌ᠲᠡᠶ᠃ ᠡᠯ᠎ᠡ ᠭᠠᠵᠠᠷ ᠡᠯ᠎ᠡ ᠰᠤᠷᠭᠠᠭᠤᠯᠢ᠎ᠶ᠋ᠢᠨ᠎ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠠᠷᠭ᠎ᠠ ᠬᠡᠮᠵᠢᠶ᠎ᠡ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠪᠠᠭ᠍ᠰᠢ ᠰᠤᠷᠤᠭ᠍ᠴᠢᠳ᠎ᠤᠨ ᠱᠢᠨ᠎ᠡ ᠲᠢᠲᠢᠮᠯᠢᠭ ᠸᠢᠷᠦ᠋ᠰ᠎ᠢ ᠰᠡᠷᠭᠡᠢᠯᠡᠬᠦ ᠸᠠᠺᠼᠢᠨ᠎ᠤ ᠲᠠᠷᠢᠯᠭ᠎ᠠ᠎ᠶ᠋ᠢ ᠦᠷᠭᠦᠯᠵᠢᠯᠡᠨ ᠰᠠᠢᠲᠤᠷ ᠬᠢᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠤᠤᠯᠳᠠᠯᠭ᠎ᠠ᠎ᠲᠠᠶ ᠭᠣᠭ᠍ᠴᠣᠭ᠎ᠠ᠎ᠶ᠋ᠢ ᠱᠠᠯᠠᠪᠳᠠᠭᠤᠯᠤᠨ ᠵᠢᠯᠣᠭᠣᠳᠴᠤ᠌ ᠪᠠᠢᠴᠠᠭᠠᠬᠤ᠎ᠪᠠᠨ ᠴᠢᠩᠭᠠᠳᠭᠠᠬᠤ ᠬᠡᠷᠡᠭ᠌ᠲᠡᠶ ᠬᠡᠵᠦ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃