ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-20 20:35:59

ᠵᠣᠬᠢᠶᠠᠭ᠍ᠴᠢ᠄ ᠮᠧᠢ ᠭᠠᠩ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 17 ᠤ᠋ ᠡᠳᠦᠷ᠂ ᠮᠠᠨᠵᠤᠤᠷ ᠬᠤᠳᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ᠎ᠤᠨ ᠲᠤᠬᠠᠢ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠪᠡ᠃ ᠮᠠᠨᠵᠤᠤᠷ ᠬᠣᠲᠠ ᠲᠥᠷᠥᠯ ᠬᠤᠪᠢᠶᠠᠨ ᠡᠪᠡᠳᠴᠢᠨ ᠦᠵᠡᠭᠦᠯᠬᠦ᠌᠂ ᠰᠠᠭᠠᠳ ᠥᠬᠡᠶ ᠨᠡᠪᠲᠡᠷᠡᠬᠦ᠌ ᠵᠠᠮ ᠭᠠᠷᠭᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠠᠪᠴᠤ᠌᠂ ᠬᠠᠮᠤᠭ᠎ᠤᠨ ᠶᠡᠬᠡ ᠴᠢᠷᠮᠠᠢᠯᠭ᠎ᠠ᠎ᠪᠠᠷ ᠥᠷᠭᠡᠨ ᠣᠯᠠᠨ ᠲᠦᠮᠡᠨ᠂ ᠢᠯᠠᠩᠭᠤᠶ᠎ᠠ ᠪᠠᠴᠢᠮ ᠬᠦᠨᠳᠦ ᠡᠪᠡᠳᠴᠢᠲᠡᠨ᠎ᠦ ᠡᠪᠡᠳᠴᠢᠨ ᠡᠮᠨᠡᠭᠦᠯᠬᠦ᠌ ᠳ᠋ᠦ ᠲᠦᠬᠦᠮ ᠦᠵᠡᠬᠦᠯᠵᠦ ᠪᠤᠢ᠃

ᠣᠳᠣᠬᠠᠨ᠎ᠳᠤ᠂ ᠮᠠᠨᠵᠤᠤᠷ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ᠂ ᠮᠠᠨᠵᠤᠤᠷ ᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠠ᠂ ᠮᠠᠨᠵᠤᠤᠷ ᠬᠣᠲᠠ᠎ᠶ᠋ᠢᠨ ᠡᠮᠦᠨ᠎ᠡ ᠲᠣᠭᠣᠷᠢᠭ᠎ᠤᠨ ᠡᠮᠨᠡᠯᠭᠡ᠎ᠶ᠋ᠢᠨ ᠬᠣᠷᠢᠶ᠎ᠠ᠂ ᠵᠠᠯᠠᠢᠨᠠᠭᠤᠷ ᠲᠣᠭᠣᠷᠢᠭ᠎ᠤᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ ᠪᠣᠯᠤᠨ ᠵᠠᠯᠠᠢᠨᠠᠭᠤᠷ ᠲᠣᠭᠣᠷᠢᠭ᠎ᠤᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶᠠᠨ᠎ᠤ ᠡᠮᠨᠡᠯᠭᠡ᠎ᠳᠦ ᠰᠠᠭᠤᠬᠤ ᠡᠪᠡᠳᠴᠢᠲᠡᠨ᠎ᠦ ᠥᠷᠥᠭᠡ᠎ᠶ᠋ᠢ ᠦᠷᠭᠦᠯᠵᠢᠯᠡᠨ ᠨᠡᠭᠡᠭᠡᠵᠦ᠍᠂ ᠡᠮᠨᠡᠯᠭᠡ᠎ᠳᠦ ᠰᠠᠭᠤᠭ᠍ᠰᠠᠨ ᠡᠪᠡᠳᠴᠢᠲᠡᠨ᠎ᠢ ᠦᠷᠭᠦᠯᠵᠢᠯᠡᠨ ᠡᠮᠨᠡᠭᠦᠯᠵᠦ᠍ ᠪᠠᠢᠨ᠎ᠠ᠃ ᠮᠠᠨᠵᠤᠤᠷ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ ᠪᠠ ᠵᠠᠯᠠᠢᠨᠠᠭᠤᠷ ᠲᠣᠭᠣᠷᠢᠭ᠎ᠤᠨ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠲᠦᠷᠭᠡᠨ ᠡᠮᠨᠡᠯᠭᠡ᠂ ᠬᠠᠯᠠᠭᠤᠷᠠᠯ᠎ᠤᠨ ᠡᠭᠦᠳᠡᠨ ᠡᠮᠨᠡᠯᠭᠡ 24 ᠴᠠᠭ᠎ᠢᠶᠡᠷ ᠬᠦᠯᠢᠶᠠᠨ ᠠᠪᠴᠤ ᠡᠮᠨᠡᠨ ᠵᠠᠰᠠᠵᠤ ᠪᠤᠢ᠃

ᠣᠢᠯᠠᠭᠠᠭ᠍ᠰᠠᠨ᠎ᠢᠶᠠᠷ᠂ ᠶᠡᠷᠦ ᠵᠢᠨ ᠬᠥᠮᠦᠰ ᠡᠮᠨᠡᠭᠦᠯᠬᠦ᠌᠎ᠳᠦ 120 ᠎ᠢ᠋ ᠤᠲᠠᠰᠤᠳᠠᠵᠤ ᠮᠠᠨᠵᠤᠤᠷ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ᠂ ᠵᠠᠯᠠᠢᠨᠠᠭᠤᠷ ᠲᠣᠭᠣᠷᠢᠭ᠎ᠤᠨ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠲᠦᠷᠭᠡᠨ ᠡᠮᠨᠡᠬᠦ᠌ ᠰᠠᠯᠠᠭ᠎ᠠ᠎ᠳᠤ ᠬᠦᠷᠴᠤ ᠡᠮᠨᠡᠭᠦᠯᠬᠦ᠌ ᠪᠠ ᠡᠮᠨᠡᠯᠭᠡ᠎ᠳᠦ ᠣᠷᠣᠵᠤ ᠡᠮᠨᠡᠭᠦᠯᠵᠦ᠍ ᠪᠣᠯᠤᠨ᠎ᠠ᠂ ᠣᠲᠣ᠎ᠶ᠋ᠢᠨ ᠪᠠᠢᠭ᠎ᠠ ᠡᠪᠡᠳᠴᠢᠲᠡᠨ᠎ᠦ ᠣᠷᠣ ᠪᠠ ᠡᠮᠴᠢ ᠰᠤᠪᠢᠯᠠᠭ᠍ᠴᠢ᠎ᠶ᠋ᠢᠨ ᠬᠦᠴᠦᠨ᠎ᠨᠢ ᠣᠯᠠᠨ ᠲᠦᠮᠡᠨ᠎ᠦ ᠡᠪᠡᠳᠴᠢᠨ ᠦᠵᠡᠭᠦᠯᠬᠦ᠌ ᠦᠨᠳᠦᠰᠦᠨ ᠬᠡᠷᠡᠭ᠌ᠴᠡᠭᠡ᠎ᠶ᠋ᠢ ᠬᠠᠩᠭᠠᠵᠤ ᠲᠠᠢᠯᠤᠨ᠎ᠠ᠃ ᠲᠥᠪᠯᠡᠷᠡᠭᠦᠯᠦᠨ ᠲᠤᠰᠠᠭᠠᠷᠯᠠᠵᠤ ᠪᠠᠢᠭ᠎ᠠ ᠬᠥᠮᠦᠰ᠎ᠡᠪᠡᠳᠴᠢᠨ ᠳ᠋ᠤ ᠨᠡᠷᠪᠡᠭᠳᠡᠪᠡᠯ᠂ ᠲᠤᠰᠠᠭᠠᠷᠯᠠᠬᠤ ᠴᠡᠭ᠎ᠦᠨ ᠡᠮᠨᠡᠯᠭᠡ᠎ᠶ᠋ᠢᠨ ᠠᠵᠢᠯᠲᠠᠨ ᠲᠤᠬᠠᠶ᠎ᠶ᠋ᠢᠨ ᠲᠠᠯᠠᠪᠤᠷ᠎ᠲᠤᠨᠢ ᠱᠢᠶ᠋ᠳᠪᠦᠷᠢᠯᠡᠵᠦ᠍ ᠪᠣᠯᠤᠨ᠎ᠠ᠂ ᠡᠮᠨᠡᠯᠭᠡ᠎ᠳᠦ ᠣᠷᠣᠵᠤ ᠡᠮᠨᠡᠨ ᠵᠠᠰᠠᠬᠤ ᠴᠢᠬᠤᠯᠠᠲᠠᠶ ᠪᠣᠯ ᠬᠠᠯᠠᠭᠤᠷᠠᠯ᠎ᠤᠨ ᠡᠭᠦᠳᠡᠨ ᠡᠮᠨᠡᠯᠭᠡ᠎ᠳᠦ ᠬᠦᠷᠴᠦ᠍ ᠱᠢᠨ᠎ᠡ ᠲᠢᠲᠢᠮᠯᠢᠭ ᠠᠭᠤᠰᠭᠢᠨ ᠦᠷᠪᠢᠰᠦᠯ ᠪᠢᠰᠢ ᠪᠤᠯᠬᠤ ᠵᠢ ᠲᠤᠳᠤᠯᠠᠬᠰᠡᠨ᠎ᠤ ᠳᠠᠷᠠᠭ᠎ᠠ᠂ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠲᠤ ᠴᠢᠨᠠᠷᠲᠠᠶ ᠡᠪᠡᠳᠴᠢᠨ᠎ᠦ ᠰᠠᠯᠠᠭ᠎ᠠ᠎ᠳᠤ ᠡᠮᠨᠡᠯᠭᠡ᠎ᠳᠦ ᠰᠠᠭᠤᠵᠤ ᠡᠮᠨᠡᠨ ᠵᠠᠰᠠᠭᠤᠯᠵᠤ ᠪᠤᠯᠤᠨ᠎ᠠ᠃ ᠨᠢᠭᠡᠳᠦᠭᠡᠷ ᠹᠷᠣᠨᠲ᠎ᠤᠨ ᠠᠵᠢᠯᠲᠠᠨ ᠬᠠᠯᠠᠭᠤᠷᠠᠬᠤ ᠵᠡᠷᠭᠡ ᠡᠪᠡᠳᠴᠢᠨ᠎ᠦ ᠢᠯᠡᠷᠡᠯ ᠭᠠᠷᠴᠤ᠌ ᠬᠠᠯᠠᠭᠤᠷᠠᠯ᠎ᠤᠨ ᠡᠭᠦᠳᠡᠨ ᠡᠮᠨᠡᠯᠭᠡ᠎ᠳᠦ ᠬᠦᠷᠴᠦ᠍ ᠱᠢᠨ᠎ᠡ ᠲᠢᠲᠢᠮᠯᠢᠭ ᠠᠭᠤᠰᠭᠢᠨ ᠦᠷᠪᠢᠰᠦᠯ ᠪᠢᠰᠢ ᠪᠤᠯᠬᠤ ᠵᠢ ᠲᠤᠳᠤᠯᠠᠬᠰᠡᠨ᠎ᠤ ᠳᠠᠷᠠᠭ᠎ᠠ᠂ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠲᠤ ᠴᠢᠨᠠᠷᠲᠠᠶ ᠡᠪᠡᠳᠴᠢᠨ᠎ᠦ ᠰᠠᠯᠠᠭ᠎ᠠ᠎ᠳᠤ ᠡᠮᠨᠡᠯᠭᠡ᠎ᠳᠦ ᠰᠠᠭᠤᠵᠤ ᠡᠮᠨᠡᠭᠦᠯᠵᠤ ᠪᠤᠯᠤᠨ᠎ᠠ᠃ ᠴᠢᠰᠤ ᠨᠡᠪᠴᠢᠬᠦᠯᠤᠨ ᠢᠯᠭᠠᠷᠠᠭᠤᠯᠵᠤ ᠪᠠᠢᠭ᠎ᠠ ᠡᠪᠡᠳᠴᠢᠲᠡᠨ᠎ᠳᠦ 《ᠬᠣᠶᠠᠷ ᠴᠡᠭ ᠨᠢᠭᠡ ᠱᠤᠭᠤᠮ》 ᠮᠠᠶᠢᠭ᠎ᠤᠨ ᠪᠢᠲᠡᠭᠦᠮᠵᠢᠯᠡᠭᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠲᠤᠰᠭᠠᠶ ᠲᠡᠷᠭᠡ᠎ᠪᠡᠷ ᠲᠤᠰᠴᠤ᠌ ᠬᠦᠷᠭᠡᠵᠦ᠍᠂ ᠡᠳᠦᠷ ᠪᠦᠷᠢ ᠪᠦᠯᠦᠭ ᠬᠤᠪᠢᠶᠠᠨ᠂ ᠴᠠᠭ ᠬᠤᠭᠤᠴᠠᠭ᠎ᠠ ᠬᠤᠪᠢᠶᠠᠨ ᠨᠡᠪᠴᠢᠬᠦᠯᠤᠨ ᠢᠯᠭᠠᠷᠠᠭᠤᠯᠵᠤ ᠡᠮᠨᠡᠨ ᠵᠠᠰᠠᠨ᠎ᠠ᠃ ᠬᠠᠪᠤᠳᠠᠷ᠎ᠤᠨ ᠰᠠᠴᠤᠷᠠᠭ ᠵᠠᠰᠠᠯ ᠬᠢᠮᠢ᠎ᠶ᠋ᠢᠨ ᠵᠠᠰᠠᠯ ᠬᠢᠵᠦ᠍ ᠪᠠᠢᠭ᠎ᠠ ᠡᠪᠡᠳᠴᠢᠲᠡᠨ ᠤᠲᠠᠰᠤ᠎ᠪᠠᠷ ᠪᠣᠯᠵᠣᠭ᠍ᠰᠠᠨ᠎ᠤ ᠳᠠᠷᠠᠭ᠎ᠠ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠬᠠᠪᠤᠳᠠᠷ᠎ᠤᠨ ᠰᠠᠯᠠᠭ᠎ᠠ᠎ᠳᠤ ᠬᠦᠷᠴᠦ᠍ ᠡᠮᠨᠡᠭᠦᠯᠵᠦ᠍ ᠪᠣᠯᠤᠨ᠎ᠠ᠃

ᠡᠭᠦᠨ᠎ᠦ ᠬᠠᠮᠲᠤ᠂ ᠮᠠᠨᠵᠤᠤᠷ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ ᠰᠦᠯᠵᠢᠶᠡᠨ ᠳᠡᠭᠡᠷᠡᠬᠢ ᠡᠮᠴᠢᠯᠡᠭᠡᠨ᠎ᠦ ᠠᠰᠠᠭᠤᠨ ᠯᠠᠪᠯᠠᠭ᠎ᠠ ᠵᠢᠨ 24 ᠴᠠᠭ᠎ᠤᠨ ᠦᠶ᠋ᠯᠡᠴᠢᠯᠡᠭᠡ᠎ᠬᠠᠩᠭᠠᠵᠤ᠂《ᠡᠷᠡᠭᠦᠯ ᠡᠨᠭᠭᠡ ᠮᠠᠨᠵᠤᠤᠷ》ᠵᠡᠷᠭᠡ ᠲᠠᠪᠴᠠᠩ᠎ᠢᠶᠠᠷ ᠳᠠᠮᠵᠢᠭᠤᠯᠤᠨ ᠡᠯ᠎ᠡ ᠰᠠᠯᠠᠭ᠎ᠠ ᠲᠠᠰᠤᠭ᠎ᠤᠨ ᠣᠨᠣᠱᠢᠯᠠᠨ ᠡᠮᠨᠡᠬᠦ᠌ ᠠᠰᠠᠭᠤᠨ ᠯᠠᠪᠯᠠᠬᠤ ᠤᠲᠠᠰᠤ᠎ᠶ᠋ᠢ ᠨᠡᠢᠲᠡᠯᠡᠵᠦ᠍᠂ ᠡᠪᠡᠳᠴᠢᠲᠡᠨ᠎ᠳᠦ ᠰᠦᠯᠵᠢᠶᠡᠨ ᠳᠡᠭᠡᠷᠡᠬᠢ ᠡᠷᠡᠭᠦᠯ ᠮᠡᠨᠳᠦ᠍᠎ᠶ᠋ᠢᠨ ᠠᠰᠠᠭᠤᠨ ᠯᠠᠪᠯᠠᠭ᠎ᠠ ᠪᠠ ᠡᠮ ᠬᠡᠷᠡᠭ᠌ᠯᠡᠬᠦ᠌ ᠵᠢᠯᠣᠭᠣᠳᠣᠯᠭ᠎ᠠ ᠬᠢᠵᠦ ᠪᠤᠢ᠃

ᠡᠭᠦᠨ᠎ᠡᠴᠡ ᠭᠠᠳᠠᠨ᠎ᠠ᠂ ᠮᠠᠨᠵᠤᠤᠷ ᠬᠣᠲᠠ ᠬᠥᠯᠥᠨ ᠪᠣᠢᠷ ᠬᠣᠲᠠ᠎ᠶ᠋ᠢᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ ᠵᠡᠷᠭᠡ ᠡᠮᠴᠢᠯᠡᠭᠡᠨ᠎ᠦ ᠪᠠᠢᠭᠤᠯᠤᠮᠵᠢ᠎ᠲᠠᠶ ᠪᠠᠴᠢᠮ ᠬᠦᠨᠳᠦ ᠡᠪᠡᠳᠴᠢᠲᠡᠨ᠎ᠢ ᠱᠢᠯᠵᠢᠭᠦᠯᠦᠨ ᠡᠮᠨᠡᠭᠦᠯᠬᠦ᠌ ᠰᠠᠭᠠᠳ᠎ᠥᠬᠡᠶ ᠨᠡᠪᠳᠡᠷᠡᠬᠦ ᠵᠠᠮ᠎ᠭᠠᠷᠭᠠᠪᠠ᠃ ᠣᠳᠣᠬᠠᠨ᠎ᠳᠤ ᠪᠥᠬᠥ᠌ ᠬᠣᠲᠠ᠎ᠳᠤ 32 ᠲᠦᠷᠭᠡᠨ ᠠᠪᠤᠷᠠᠯᠳᠠ᠎ᠶ᠋ᠢᠨ ᠲᠡᠷᠭᠡ ᠪᠠᠢᠵᠤ᠂ ᠴᠥᠮ ᠲᠦᠷᠭᠡᠨ ᠡᠮᠨᠡᠬᠦ᠌ ᠲᠦᠷᠭᠡᠨ ᠠᠪᠤᠷᠬᠠᠸ᠋ ᠲᠥᠬᠥᠭᠡᠷᠦᠮᠵᠢ ᠪᠠ ᠡᠮ᠎ᠦᠨ ᠵᠦᠶ᠋ᠯᠡᠰ ᠳᠣᠭᠢᠷᠠᠭᠤᠯᠵᠤ᠂ ᠲᠦᠷᠭᠡᠨ ᠠᠪᠤᠷᠠᠯᠳᠠ᠎ᠶ᠋ᠢᠨ ᠲᠡᠷᠭᠡ ᠨᠢᠭᠡ ᠪᠦᠷᠢ᠎ᠳᠦ ᠨᠢᠭᠡ ᠡᠮᠴᠢ ᠨᠢᠭᠡ ᠰᠤᠪᠢᠯᠠᠬᠴᠢ ᠲᠣᠬᠢᠷᠠᠭᠤᠯᠵᠤ᠂ ᠪᠠᠴᠢᠮ ᠬᠦᠨᠳᠦ ᠡᠪᠡᠳᠴᠢᠲᠡᠨ᠎ᠢ ᠴᠠᠭ ᠲᠤᠬᠠᠶ᠎ᠳᠤᠨᠢ ᠱᠢᠯᠵᠢᠭᠦᠯᠦᠨ ᠵᠦᠭᠡᠭᠡᠪᠤᠷᠢᠯᠡᠵᠤ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面