ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-21 09:20:11

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠪᠠᠢᠷᠢᠯᠠᠭᠤᠯᠤᠯᠲᠠ ᠳᠤᠬᠢᠷᠠᠭᠤᠯᠤᠯᠳᠠ ᠶᠣᠰᠣᠭᠠᠷ᠂ 2022 ᠣᠨ᠎ᠤ 2 ᠰᠠᠷ᠎ᠠ᠎ᠶ᠋ᠢᠨ 21᠎ᠦ ᠡᠳᠦᠷ᠎ᠦᠨ 9 ᠴᠠᠭ᠎ᠠᠴᠠ 2 ᠰᠠᠷ᠎ᠠ᠎ᠶ᠋ᠢᠨ 22᠎ᠤᠨ ᠡᠳᠦᠷ᠎ᠦᠨ 9 ᠴᠠᠭ ᠪᠣᠯᠲᠠᠯ᠎ᠠ᠂ ᠬᠥᠬᠡᠬᠣᠲᠠ ᠭᠤᠷᠪᠠᠳᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯ᠎ᠢ ᠦᠷᠨᠢᠬᠦᠯᠦᠨ᠎ᠡ᠃

ᠱᠢᠯᠭᠠᠨ ᠪᠠᠢᠴᠠᠭᠠᠬᠤ ᠬᠡᠪᠴᠢᠶ᠎ᠡ᠎ᠳ᠋ᠦ ᠲᠦᠮᠡᠳ ᠵᠡᠭᠦᠨ ᠬᠣᠱᠢᠭᠤ᠂ ᠲᠣᠭ᠍ᠲᠠᠬᠤ ᠱᠢᠶᠠᠨ᠂ ᠬᠣᠷᠢᠨᠭᠡᠷ ᠱᠢᠶᠠᠨ ᠂ ᠴᠢᠩ ᠱᠦᠶ ᠾᠧ ᠱᠢᠶᠠᠨ᠂ ᠦᠴᠦᠸᠠᠨ ᠱᠢᠶᠠᠨ᠂ ᠱᠢᠨ᠎ᠡ ᠬᠣᠲᠠ ᠲᠣᠭᠣᠷᠢᠭ᠂ ᠬᠣᠲᠣᠩ ᠠᠷᠠᠳ᠎ᠤᠨ ᠲᠣᠭᠣᠷᠢᠭ᠂ ᠢᠦᠢᠴᠢᠤᠸᠠᠨ ᠲᠣᠭᠣᠷᠢᠭ᠂ ᠰᠠᠢᠬᠠᠨ ᠲᠣᠭᠣᠷᠢᠭ᠂ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ ᠪᠠᠭᠳᠠᠨ᠎ᠠ᠂ ᠥᠯᠢᠭᠡᠷ ᠡᠳ᠋ ᠠᠪᠬᠤ ᠴᠠᠭ᠎ᠨᠢ 2 ᠰᠠᠷ᠎ᠠ᠎ᠶ᠋ᠢᠨ 21 ᠎ᠦ ᠡᠳᠦᠷ᠎ᠦᠨ 15 ᠴᠠᠭ ᠪᠤᠯᠳᠠᠯ᠎ᠠ ᠶᠠᠪᠤᠭᠳᠠᠵᠦ᠂ 2 ᠰᠠᠷ᠎ᠠ᠎ᠶ᠋ᠢᠨ 22 ᠎ᠤᠨ ᠡᠳᠦᠷ᠎ᠦᠨ 9 ᠴᠠᠭ᠎ᠠᠴᠠ ᠡᠮᠦᠨ᠎ᠡ ᠪᠠᠢᠴᠠᠭᠠᠯᠳᠠ᠎ᠵᠢᠨ ᠦᠷ᠎ᠡ ᠳ᠋ᠦᠩ ᠨᠢ ᠭᠠᠷᠤᠨ᠎ᠠ᠃ ᠲᠣᠰ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠳᠠ᠎ᠳᠦ 2200 ᠭᠠᠷᠤᠶ ᠥᠯᠢᠭᠡᠷ ᠡᠳ᠋ ᠠᠪᠬᠤ ᠴᠡᠭ ᠲᠣᠬᠢᠷᠠᠭᠤᠯᠬᠤ᠎ᠪᠠᠷ ᠲᠥᠯᠥᠪᠯᠡᠵᠠᠢ᠃

ᠬᠥᠬᠡᠬᠣᠲᠠ᠎ᠶ᠋ᠢᠨ ᠲᠣᠰ ᠡᠭᠡᠯᠵᠢ᠎ᠶ᠋ᠢᠨ ᠬᠢᠵᠢᠭ᠎ᠤᠨ ᠭᠧᠨ᠎ᠦ ᠴᠤᠪᠤᠷᠠᠯ᠎ᠤᠨ ᠬᠡᠮᠵᠢᠯᠲᠡ᠎ᠶ᠋ᠢᠨ ᠦᠷ᠎ᠡ ᠳ᠋ᠦᠩ᠎ᠨᠢ ᠳ᠋ᠸᠯᠲ᠋ᠠ᠎ᠶ᠋ᠢᠨ ᠤᠨᠳᠤᠤᠱᠢᠭᠰᠠᠨ ᠸᠢᠷᠦᠢ᠍ᠰ ᠪᠠᠢᠵᠦ᠂ ᠬᠢᠯᠢ᠎ᠶ᠋ᠢᠨ ᠭᠠᠳᠠᠨ᠎ᠠ᠎ᠠᠴᠠ ᠣᠷᠣᠵᠤ ᠢᠷᠡᠭ᠌ᠰᠡᠨ ᠱᠢᠨ᠎ᠡ ᠢᠷᠡᠯᠲᠡ᠎ᠡᠴᠡ ᠪᠣᠯᠤᠭ᠍ᠰᠠᠨ ᠨᠢᠭᠡ ᠤᠳᠠᠭᠠᠨ᠎ᠤ ᠲᠤᠬᠠᠶ᠎ᠶ᠋ᠢᠨ ᠭᠠᠵᠠᠷ᠎ᠤᠨ ᠬᠢᠵᠢᠭ ᠪᠣᠯᠤᠨ᠎ᠠ᠃ ᠣᠳᠣᠬᠠᠨ᠎ᠳᠤ ᠂ ᠬᠢᠵᠢᠭ᠎ᠦᠨ ᠪᠠᠢᠳᠠᠯ ᠬᠠᠷᠠᠬᠠᠨ ᠠᠩᠬᠠᠨ᠎ᠤ ᠱᠠᠲᠤᠨ᠎ᠳᠤ ᠣᠷᠣᠱᠢᠵᠤ᠂ ᠡᠪᠡᠳᠴᠢᠨ᠎ᠦ ᠵᠢᠱ᠌ᠢᠶ᠎ᠡ᠎ᠶ᠋ᠢᠨ ᠲᠣᠭ᠎ᠠ ᠲᠦᠷᠭᠡᠨ ᠨᠡᠮᠡᠭ᠌ᠳᠡᠵᠦ᠍᠂ ᠬᠤᠷᠢᠮ ᠨᠠᠢᠷ ᠂ ᠨᠢᠭᠡᠴᠢ ᠵᠡᠷᠭᠡ ᠬᠥᠮᠦᠰ ᠲᠥᠪᠯᠡᠷᠡᠭ᠌ᠰᠡᠨ ᠲᠠᠯᠠᠪᠤᠷ ᠭᠠᠵᠠᠷ᠎ᠲᠤ ᠲᠥᠪᠯᠡᠷᠡᠭ᠌ᠰᠡᠨ ᠴᠢᠨᠠᠷᠲᠠᠶ ᠬᠢᠵᠢᠭ᠎ᠦᠨ ᠪᠠᠢᠳᠠᠯ ᠢᠯᠡᠷᠡᠵᠦ᠍᠂ ᠨᠡᠢᠭᠡᠮ ᠲᠣᠭᠣᠷᠢᠭ᠎ᠲᠤ ᠬᠠᠯᠳᠠᠪᠤᠷᠢᠯᠠᠬᠤ ᠪᠠ ᠭᠠᠳᠠᠭ᠍ᠰᠢ ᠳᠡᠯᠭᠡᠷᠡᠬᠦ᠌ ᠵᠣᠬᠢᠬᠤ ᠠᠶᠤᠯ ᠲᠦᠭ᠌ᠰᠢᠭᠦᠷᠢ ᠣᠷᠣᠱᠢᠵᠤ ᠪᠠᠢᠨ᠎ᠠ᠃ ᠬᠥᠬᠡᠬᠣᠲᠠ᠎ᠵᠢᠨ ᠬᠢᠨ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠢᠯᠯᠠᠬᠤ ᠳᠤᠭᠤᠢᠯᠠᠩ᠎ᠤᠨ ᠬᠦᠴᠦᠲᠡᠢ ᠵᠢᠯᠤᠭᠤᠳᠤᠯᠭ᠎ᠠ ᠳᠣᠣᠷ᠎ᠠ᠂ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ ᠪᠣᠯᠤᠨ ᠠᠶᠤᠯ ᠲᠦᠭ᠌ᠰᠢᠭᠦᠷᠢ᠎ᠲᠠᠢ ᠬᠦᠮᠦᠰ᠎ᠢ ᠬᠠᠮᠢᠶᠠᠷᠤᠨ ᠡᠵᠡᠮᠳᠡᠬᠦ᠌᠎ᠵᠢ ᠦᠷᠭᠦᠯᠵᠢᠯᠡᠨ ᠴᠢᠩᠭ᠎ᠠ ᠠᠳᠭᠤᠵᠤ᠂ ᠡᠪᠡᠳᠴᠢᠲᠡᠨ᠎ᠢ ᠠᠪᠤᠷᠠᠨ ᠵᠠᠰᠠᠬᠤ ᠠᠵᠢᠯ᠎ᠢ ᠰᠠᠢᠲᠤᠷ ᠬᠢᠵᠦ᠍᠂ ᠱᠢᠭ᠌ᠰᠢᠨ ᠪᠠᠢᠴᠠᠭᠠᠬᠤ ᠬᠦᠷᠢᠢ᠎ᠡ ᠬᠡᠪᠴᠢᠢ᠎ᠡ᠎ᠪᠡᠨ ᠤᠯᠠᠮ ᠴᠢᠨᠠᠭ᠍ᠰᠢᠳᠠ ᠥᠷᠭᠡᠳᠭᠡᠵᠦ᠍᠂ ᠠᠶᠤᠯ ᠲᠦᠭ᠌ᠰᠢᠭᠦᠷᠢ᠎ᠶ᠋ᠢ ᠵᠢᠭᠰᠠᠭᠠᠨ ᠪᠠᠢᠴᠠᠭᠠᠬᠤ᠎ᠪᠠᠨ ᠲᠦᠷᠭᠡᠳᠭᠡᠵᠦ᠍᠂ ᠨᠡᠢᠭᠡᠮ ᠲᠣᠭᠣᠷᠢᠭ᠎ᠲᠤ ᠲᠠᠷᠬᠠᠨ ᠳᠡᠯᠭᠡᠷᠡᠬᠦ᠌᠎ᠶ᠋ᠢ ᠬᠣᠷᠢᠭ᠍ᠯᠠᠵᠤ᠂ ᠨᠢᠭᠤᠭ᠍ᠳᠠᠮᠠᠯ ᠬᠤᠭᠤᠴᠠᠭᠠᠨ᠎ᠳᠤ ᠬᠢᠵᠢᠭ᠎ᠦᠨ ᠪᠠᠢᠳᠠᠯ᠎ᠢ ᠡᠵᠡᠮᠳᠡᠬᠦ᠌᠎ᠪᠡᠷ ᠬᠦᠴᠦᠯᠡᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面