ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-21 09:21:18

ᠵᠣᠬᠢᠶᠠᠭ᠍ᠴᠢ᠄ ᠰᠥᠩ ᠠ ᠨᠠᠨ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 2 ᠰᠠᠷ᠎ᠠ᠎ᠶ᠋ᠢᠨ 19᠎ᠤ᠋ ᠦᠳᠡ᠎ᠶ᠋ᠢᠨ ᠬᠣᠢᠨ᠎ᠠ ᠬᠤᠷᠠᠯᠳᠤᠭᠰᠠᠨ ᠪᠤᠭᠤᠲᠤ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠬᠣᠶᠠᠳᠤᠭᠠᠷ ᠤᠳᠠᠭᠠᠨ᠎ᠤ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ 2022 ᠣᠨ᠎ᠤ 2 ᠰᠠᠷ᠎ᠠ᠎ᠶ᠋ᠢᠨ 19 ᠤ᠋ ᠡᠳᠦᠷ᠎ᠦᠨ 14 ᠴᠠᠭ ᠪᠣᠯᠲᠠᠯ᠎ᠠ᠂ ᠪᠤᠭᠤᠲᠤ ᠬᠣᠲᠠ᠎ᠳᠤ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠨᠡᠢᠲᠡ 6 ᠪᠤᠢ᠃ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠣᠨᠣᠱᠢᠯᠠᠯᠲᠠ᠎ᠪᠠᠷ ᠳᠡᠮᠵᠢᠨ᠂ 2 ᠨᠢ ᠡᠩ᠎ᠦᠨ ᠬᠡᠯᠪᠡᠷᠢ ᠵᠢᠨ᠂ 4 ᠨᠢ ᠬᠥᠩᠭᠡᠨ ᠬᠡᠯᠪᠡᠷᠢ ᠵᠢᠨ ᠡᠪᠡᠳᠴᠢᠳᠡᠨ ᠪᠣᠯᠤᠨ᠎ᠠ᠃

ᠣᠢᠯᠠᠭᠠᠭ᠍ᠰᠠᠨ᠎ᠢᠶᠠᠷ᠂ ᠬᠢᠵᠢᠭ᠎ᠦᠨ ᠬᠤᠭᠤᠴᠠᠭᠠᠨ᠎ᠳᠤ᠂ ᠪᠤᠭᠤᠲᠤ ᠬᠣᠲᠠ ᠵᠢᠨ ᠬᠢᠨ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢᠨ ᠠᠵᠢᠯ᠎ᠢ ᠪᠥᠬᠥ᠌ ᠬᠦᠴᠦᠨ᠎ᠢᠶᠡᠷ ᠰᠠᠢᠲᠤᠷ ᠬᠢᠵᠦ᠍᠂ ᠠᠷᠠᠳ᠎ᠤᠨ ᠠᠮᠢᠳᠤᠷᠠᠯ ᠲᠠᠢ ᠬᠤᠯᠪᠤᠬᠳᠠᠬᠰᠠᠨ ᠴᠢᠬᠤᠯᠠ ᠪᠠᠷᠠᠭ᠎ᠠ ᠲᠠᠸᠠᠷ᠎ᠤᠨ ᠵᠠᠬ᠎ᠠ ᠳᠡᠯᠭᠡᠭᠦᠷ᠎ᠦᠨ ᠬᠠᠩᠭᠠᠯᠭ᠎ᠠ ᠭᠦᠶ᠋ᠴᠡᠳ᠂ ᠦᠨ᠎ᠡ ᠬᠠᠩᠰᠢ ᠲᠣᠭ᠍ᠲᠠᠭᠤᠨ ᠪᠠᠢᠬᠤ ᠵᠢ ᠪᠠᠳᠤᠯᠠᠵᠦ ᠪᠤᠢ᠃ ᠣᠳᠣᠬᠠᠨ᠎ᠳᠤ᠂ ᠪᠥᠬᠥ᠌ ᠬᠣᠲᠠ᠎ᠶ᠋ᠢᠨ ᠡᠯ᠎ᠡ ᠲᠣᠮᠣ ᠬᠤᠳᠠᠯᠳᠤᠭᠠᠨ᠎ᠤ ᠬᠠᠮ ᠳᠡᠯᠭᠡᠭᠦᠷ᠂ ᠵᠠᠬ᠎ᠠ ᠳᠡᠯᠭᠡᠭᠦᠷ᠎ᠦᠨ ᠠᠮᠤ ᠪᠤᠳᠠᠭ᠎ᠠ᠂ ᠭᠤᠯᠢᠷ᠂ ᠲᠣᠰᠣ᠂ ᠮᠢᠬ᠎ᠠ᠂ ᠥᠨᠳᠡᠭᠡ᠂ ᠰᠦ᠂ ᠢᠳᠡᠱᠢᠨ ᠨᠣᠭᠣᠭ᠎ᠠ᠂ ᠲᠥᠬᠥᠮ ᠢᠳᠡᠭᠡᠨ ᠵᠡᠷᠭᠡ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠶ᠋ᠯᠡᠰ᠎ᠦᠨ ᠲᠥᠷᠥᠯ ᠵᠦᠶ᠋ᠯ ᠪᠦᠷᠢᠨ᠂ ᠬᠠᠩᠭᠠᠯᠭ᠎ᠠ ᠳᠤᠭᠳᠠᠭᠤᠨ᠂ ᠨᠥᠭᠡᠴᠡ ᠭᠦᠶ᠋ᠴᠡᠳ ᠪᠠᠢᠵᠤ᠂ ᠬᠣᠲᠠ᠎ᠶ᠋ᠢᠨ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠪᠦᠷᠢᠮᠦᠰᠦᠨ ᠬᠠᠩᠭᠠᠵᠤ ᠳᠡᠢᠯᠦᠨ᠎ᠠ᠃

ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠪᠠᠲᠤᠯᠠᠭ᠎ᠠ᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠪᠡ᠃ ᠣᠳᠣᠬᠠᠨ᠎ᠤ ᠬᠢᠵᠢᠭ᠎ᠢ ᠰᠡᠷᠭᠡᠢᠯᠡᠨ ᠡᠵᠡᠮᠳᠡᠬᠦ᠌ ᠪᠠᠢᠳᠠᠯ᠎ᠳᠤ ᠴᠢᠭ᠌ᠯᠡᠭᠦᠯᠵᠦ᠂ ᠡᠯ᠎ᠡ ᠲᠥᠷᠥᠯ᠎ᠦᠨ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠶ᠋ᠯᠡᠰ ᠡᠳ᠋ ᠪᠣᠳᠠᠰ᠎ᠤᠨ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠲᠥᠯᠥᠭᠡ᠂ ᠪᠤᠭᠤᠲᠤ ᠬᠣᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ ᠲᠡᠷᠡ ᠳᠠᠷᠤᠶ᠎ᠳᠤᠨᠢ《ᠪᠤᠭᠤᠲᠤ ᠬᠣᠲᠠ᠎ᠶ᠋ᠢᠨ ᠭᠡᠨᠡᠳᠲᠡ ᠡᠭᠦᠰᠭᠦ ᠣᠯᠠᠨ ᠨᠡᠢᠲᠡ᠎ᠶ᠋ᠢᠨ ᠬᠡᠷᠡᠭ ᠶᠠᠪᠤᠳᠠᠯ᠎ᠢ ᠱᠢᠶ᠋ᠳᠪᠦᠷᠢᠯᠡᠬᠦ᠌ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠶ᠋ᠯᠡᠰ᠎ᠦᠨ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠲᠥᠰᠦᠯ》 ᠎ᠢ᠋ ᠡᠬᠢᠯᠡᠭᠦᠯᠵᠦ᠍᠂ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠶ᠋ᠯᠡᠰ᠎ᠢ ᠨᠥᠭᠡᠴᠡᠯᠡᠬᠦ᠂ ᠱᠢᠯᠵᠢᠭᠦᠯᠦᠨ ᠥᠭ᠌ᠬᠦ ᠪᠠ ᠲᠣᠬᠢᠷᠠᠭᠤᠯᠤᠨ ᠬᠦᠷᠭᠡᠬᠦ᠌ ᠲᠣᠭ᠍ᠲᠠᠴᠠ᠎ᠶ᠋ᠢ ᠪᠠᠢᠭᠤᠯᠪᠠ᠃ ᠡᠭᠦᠨ ᠳ᠋ᠦ᠂ ᠶᠦᠩ ᠱᠧᠩ ᠴᠧᠩ᠂ ᠶᠢᠦ ᠢ ᠢᠳᠡᠱᠢᠨ ᠨᠣᠭᠣᠭ᠎ᠠ᠎ᠶ᠋ᠢᠨ ᠵᠠᠬ᠎ᠠ ᠳᠡᠯᠭᠡᠭᠦᠷ᠂ ᠪᠤᠭᠤᠲᠤ᠎ᠶ᠋ᠢᠨ ᠪᠣᠯᠣᠳ ᠲᠡᠮᠦᠷ᠎ᠦᠨ ᠸᠠᠨ ᠺᠠᠶ ᠵᠡᠷᠭᠡ ᠬᠠᠩᠭᠠᠯᠭ᠎ᠠ᠎ᠶ᠋ᠢ ᠪᠠᠲᠤᠯᠠᠬᠤ 10 ᠭᠤᠤᠯᠯᠠᠭ᠍ᠴᠢ ᠠᠵᠤ ᠠᠬᠤᠢᠯᠠᠯ ᠢᠳᠡᠪᠬᠢᠲᠡᠶ ᠴᠤᠤᠷᠢᠶᠠᠳᠤᠨ ᠳᠠᠭᠠᠵᠤ᠂ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠦ ᠵᠦᠶ᠋ᠯᠡᠰ᠎ᠦᠨ ᠡᠳ᠋ ᠪᠣᠳᠠᠰ᠎ᠢ ᠲᠣᠬᠢᠷᠠᠭᠤᠯᠬᠤ ᠪᠠ ᠬᠠᠩᠭᠠᠬᠤ᠎ᠶ᠋ᠢ ᠴᠢᠩᠭᠠᠳᠭᠠᠪᠠ᠃ ᠲᠦᠷᠦᠭᠦᠦ ᠪᠦᠯᠦᠭ᠎ᠲᠦ᠍ ᠬᠡᠪᠴᠢᠶ᠎ᠡ᠎ᠪᠡᠷ ᠨᠡᠯᠢᠶᠡᠳ ᠶᠡᠬᠡ᠂ ᠡᠳ᠋ ᠪᠠᠷᠠᠭᠠᠨ᠎ᠤ ᠢᠷᠡᠯᠲᠡ᠎ᠨᠢ᠎ᠲᠣᠭ᠍ᠲᠠᠭᠤᠨ᠂᠎ᠬᠥᠮᠥᠷᠭᠡᠯᠡᠯᠲᠡ᠎ᠨᠢ ᠭᠦᠶ᠋ᠴᠡᠳ᠂ ᠨᠥᠯᠥᠭᠡᠯᠡᠬᠦ᠌ ᠬᠡᠪᠴᠢᠶ᠎ᠡ᠎ᠨᠢ ᠥᠷᠭᠡᠨ ᠲᠣᠮᠣ ᠬᠡᠯᠪᠡᠷᠢ᠎ᠶ᠋ᠢᠨ ᠬᠡᠯᠬᠢᠶᠡᠵᠢᠭᠰᠡᠨ ᠬᠠᠮ ᠳᠡᠯᠭᠡᠭᠦᠷ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠷᠠᠯᠵᠢᠶᠠᠨ᠎ᠤ ᠵᠠᠬ᠎ᠠ ᠳᠡᠯᠭᠡᠭᠦᠷ 5 ᠎ᠶ᠋ᠢ ᠰᠣᠩᠭᠣᠵᠤ ᠪᠢᠲᠡᠭᠦᠮᠵᠢᠯᠡᠭ᠌ᠰᠡᠨ ᠬᠠᠮᠢᠶᠠᠷᠤᠨ ᠡᠵᠡᠮᠳᠡᠬᠦ᠌ ᠰᠠᠭᠤᠭᠠᠯᠢ ᠠᠷᠠᠳ᠎ᠤᠨ ᠲᠣᠭᠣᠷᠢᠭ᠎ᠯᠤᠭ᠎ᠠ ᠵᠣᠯᠭᠠᠭᠤᠯᠤᠨ ᠬᠠᠩᠭᠠᠬᠤ ᠲᠣᠭ᠍ᠲᠠᠴᠠ᠎ᠶ᠋ᠢ ᠪᠠᠢᠭᠤᠯᠵᠤ᠂ ᠬᠣᠲᠠ᠎ᠶ᠋ᠢᠨ ᠠᠷᠠᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ《ᠪᠠᠷᠢᠮᠵᠢᠶ᠎ᠠ ᠪᠠᠬᠯᠠᠭ᠎ᠠ》 ᠵᠣᠬᠢᠶᠠᠵᠤ᠂ ᠣᠢᠷ᠎ᠠ ᠬᠠᠪᠢ᠎ᠳᠤ᠎ᠨᠢ ᠪᠠᠢᠯᠭᠠᠬᠤ ᠵᠠᠷᠴᠢᠮ ᠶᠣᠰᠣᠭᠠᠷ᠂ ᠬᠣᠱᠢᠭᠤ ᠱᠢᠶᠠᠨ ᠲᠣᠭᠣᠷᠢᠭ᠎ᠢ ᠵᠢᠯᠣᠭᠣᠳᠴᠤ᠌ ᠪᠠᠢᠭᠠᠳ ᠬᠠᠩᠭᠠᠯᠭ᠎ᠠ᠎ᠶ᠋ᠢ ᠪᠠᠲᠤᠯᠠᠬᠤ ᠠᠷᠠᠯᠵᠢᠶ᠎ᠠ ᠬᠤᠳᠠᠯᠳᠤᠭᠠᠨ᠎ᠤ ᠠᠵᠤ ᠠᠬᠤᠢᠯᠠᠯ ᠬᠢᠭᠡᠳ ᠪᠢᠲᠡᠭᠦᠮᠵᠢᠯᠡᠭ᠌ᠰᠡᠨ ᠬᠠᠮᠢᠶᠠᠷᠤᠨ ᠡᠵᠡᠮᠳᠡᠬᠦ᠌ ᠨᠡᠢᠭᠡᠮ ᠲᠣᠭᠣᠷᠢᠭ᠎ᠯᠤᠭ᠎ᠠ᠎ᠶ᠋ᠢᠨ ᠬᠣᠯᠪᠣᠭ᠎ᠠ ᠠᠪᠬᠤ ᠲᠣᠭ᠍ᠲᠠᠴᠠ᠎ᠶ᠋ᠢ ᠪᠠᠢᠭᠤᠯᠵᠤ᠂ ᠬᠣᠲᠠ᠎ᠶ᠋ᠢᠨ ᠠᠷᠠᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ 《ᠪᠠᠷᠢᠮᠵᠢᠶ᠎ᠠ ᠪᠠᠬᠯᠠᠭ᠎ᠠ》 ᠎ᠶ᠋ᠢ ᠴᠠᠭ ᠲᠤᠬᠠᠶ᠎ᠳᠤᠨᠢ ᠬᠣᠲᠠ᠎ᠶ᠋ᠢᠨ ᠠᠷᠠᠳ᠎ᠲᠤ ᠬᠦᠷᠬᠡᠨ ᠦᠭᠴᠤ᠂ ᠬᠣᠲᠠ᠎ᠶ᠋ᠢᠨ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠬᠠᠩᠭᠠᠬᠤ᠎ᠶ᠋ᠢ ᠪᠦᠲᠦᠮᠵᠢᠲᠡᠶ ᠪᠠᠲᠤᠯᠠᠪᠠ᠃ ᠡᠭᠦᠨ᠎ᠦ ᠬᠠᠮᠲᠤ᠂ ᠵᠠᠬ᠎ᠠ ᠳᠡᠯᠭᠡᠭᠦᠷ᠎ᠦᠨ ᠣᠯᠠᠨ ᠶᠠᠩᠵᠤᠴᠢᠯᠠᠬᠰᠠᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ᠂ ᠢᠳᠡᠭᠡᠨ ᠤᠮᠳᠠᠭᠠᠨ᠎ᠤ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠠᠢᠭᠠᠳ ᠤᠷᠢᠳᠴᠢᠯᠠᠨ ᠬᠢᠭᠰᠡᠨ ᠨᠣᠭᠣᠭ᠎ᠠ᠂ ᠬᠠᠭᠠᠰ ᠡᠳ᠋ᠰᠢᠭᠦᠯᠦᠭᠰᠡᠨ ᠪᠦᠳᠦᠭᠡᠭᠳᠡᠬᠦᠨ᠎ᠢ ᠰᠦᠪᠡᠭ᠌ᠴᠢᠯᠡᠨ ᠭᠠᠷᠭᠠᠵᠤ᠂ ᠬᠣᠲᠠ᠎ᠶ᠋ᠢᠨ ᠠᠷᠠᠳ᠎ᠤᠨ ᠠᠮᠢᠳᠤᠷᠠᠯ᠎ᠤᠨ ᠬᠡᠷᠡᠭ᠌ᠯᠡᠭᠡ᠎ᠶ᠋ᠢ ᠪᠠᠶᠠᠯᠢᠭ᠍ᠵᠢᠭᠤᠯᠪᠠ᠃

ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠢᠯᠡᠰ᠎ᠦᠨ ᠵᠠᠬ᠎ᠠ ᠳᠡᠯᠭᠡᠭᠦᠷ᠎ᠢ ᠬᠢᠨᠠᠨ ᠬᠡᠮᠵᠢᠬᠦ᠌ ᠠᠵᠢᠯ᠎ᠢ ᠰᠠᠢᠲᠤᠷ ᠬᠢᠪᠡ᠃ ᠬᠢᠵᠢᠭ᠎ᠡᠬᠦᠰᠦᠭᠰᠡᠨ᠎ᠤ ᠳᠠᠷᠠᠭᠠᠬᠢ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠶ᠋ᠯᠡᠰ ᠡᠳ᠋ ᠪᠣᠳᠠᠰ᠎ᠤᠨ ᠪᠠᠲᠤᠯᠠᠭ᠎ᠠ᠎ᠶ᠋ᠢ ᠪᠦᠲᠦᠮᠵᠢᠲᠡᠶ ᠠᠷᠭᠠᠴᠠᠭᠠᠬᠤ᠎ᠶ᠋ᠢᠨ ᠲᠥᠯᠥᠭᠡ᠂ ᠪᠤᠭᠤᠲᠤ ᠬᠣᠲᠠ 《ᠡᠳᠦᠷ᠎ᠦᠨ ᠬᠢᠨᠠᠨ ᠬᠡᠮᠵᠢᠯᠲᠡ᠂ ᠡᠳᠦᠷ᠎ᠦᠨ ᠮᠡᠳᠡᠭᠦᠯᠦᠯᠲᠡ》 ᠎ᠶ᠋ᠢᠨ ᠲᠦᠷᠢᠮ᠎ᠢ ᠳᠠᠷᠤᠢᠬᠠᠨ ᠡᠬᠢᠯᠡᠭᠦᠯᠵᠦ᠍᠂ ᠬᠠᠩᠭᠠᠯᠭ᠎ᠠ᠎ᠶ᠋ᠢ ᠪᠠᠲᠤᠯᠠᠬᠤ ᠭᠤᠤᠯᠳᠠᠯᠭ᠎ᠠ᠎ᠲᠠᠶ ᠠᠵᠤ ᠠᠬᠤᠢᠯᠠᠯ᠎ᠤᠨ ᠡᠳᠦᠷ ᠪᠦᠷᠢ᠎ᠶ᠋ᠢᠨ ᠤᠷᠤᠭᠤᠯᠵᠥ ᠪᠣᠷᠣᠯᠠᠭᠤᠯᠤᠬᠰᠠᠨ ᠬᠡᠮᠵᠢᠶ᠎ᠡ᠂ ᠱᠢᠯᠵᠢᠭᠦᠯᠦᠨ ᠲᠡᠭᠡᠭᠡᠪᠦᠷᠢᠯᠡᠬᠰᠡᠨ ᠠᠷᠭ᠎ᠠ ᠵᠠᠮ ᠪᠣᠯᠤᠨ ᠪᠠᠷᠠᠭ᠎ᠠ ᠳᠠᠸᠠᠷ ᠬᠠᠩᠭᠠᠬᠰᠠᠨ ᠬᠤᠳᠠᠯᠳᠤᠭᠠᠴᠢᠨ ᠵᠡᠷᠭᠡ ᠵᠢᠨ ᠪᠠᠢᠳᠠᠯ᠎ᠢ ᠴᠠᠭ ᠲᠤᠬᠠᠶ᠎ᠳᠤᠨᠢ ᠡᠵᠡᠮᠱᠢᠵᠦ᠍᠂ ᠪᠠᠷᠠᠭ᠎ᠠ ᠳᠠᠸᠠᠷ᠎ᠤᠨ ᠢᠷᠡᠯᠲᠡ᠎ᠶ᠋ᠢ ᠵᠣᠬᠢᠶᠠᠨ ᠪᠠᠢᠭᠤᠯᠬᠤ ᠵᠢ ᠴᠢᠩᠭᠠᠳᠬᠠᠵᠥ᠂ ᠠᠮᠢᠳᠤᠷᠠᠯ᠎ᠤᠨ ᠴᠢᠬᠤᠯᠠ ᠬᠡᠷᠡᠭ᠌ᠯᠡᠭᠡᠨ᠎ᠦ ᠵᠦᠶ᠋ᠯᠡᠰ ᠡᠳ᠋ ᠪᠣᠳᠠᠰ᠎ᠤᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠴᠢᠩᠭᠠᠳᠭᠠᠪᠠ᠃ ᠦᠢᠷ᠎ᠡ᠎ᠶ᠋ᠢᠨ ᠬᠤᠭᠤᠴᠠᠭᠠᠨ᠎ᠤ ᠦᠷᠭᠦᠯᠵᠢᠯᠡᠨ ᠬᠢᠨᠠᠨ ᠬᠡᠮᠵᠢᠭ᠌ᠰᠡᠨ ᠪᠠᠢᠳᠠᠯ ᠡᠴᠡ ᠦᠵᠡᠪᠡᠯ᠂ ᠪᠦᠬᠦ᠌ ᠬᠣᠲᠠ᠎ᠶ᠋ᠢᠨ ᠴᠢᠬᠤᠯᠠ ᠠᠮᠢᠳᠤᠷᠠᠯ᠎ᠤᠨ ᠬᠡᠷᠡᠭ᠌ᠯᠡᠬᠡᠨ ᠎ᠤ ᠵᠠᠬ᠎ᠠ ᠳᠡᠯᠭᠡᠭᠦᠷ᠎ᠦᠨ ᠪᠠᠷᠠᠭ᠎ᠠ ᠳᠠᠸᠠᠷ᠎ᠤᠨ ᠢᠷᠡᠯᠲᠡ ᠲᠣᠭ᠍ᠲᠠᠭᠤᠨ᠂ ᠲᠡᠭᠡᠭᠡᠪᠦᠷᠢ ᠰᠠᠭᠠᠳ ᠦᠭᠡᠢ᠂ ᠪᠣᠷᠣᠯᠠᠭᠤᠯᠬᠤ ᠠᠷᠭ᠎ᠠ ᠵᠠᠮ ᠬᠡᠪ᠎ᠦᠨ ᠪᠠᠢᠵᠦ᠂ ᠬᠥᠮᠥᠷᠭᠡ᠎ᠶ᠋ᠢᠨ ᠬᠠᠳᠠᠭᠠᠯᠠᠯᠲᠠ ᠭᠦᠶ᠋ᠴᠡᠳ ᠪᠠᠢᠭᠰᠠᠭᠠᠷ᠃ ᠡᠭᠦᠨ᠎ᠦ ᠬᠠᠮᠲᠤ ᠪᠤᠭᠤᠲᠤ ᠬᠣᠲᠠ᠎ᠳᠤ ᠪᠠᠰᠠ ᠡᠪᠦᠯ ᠬᠠᠪᠤᠷ᠎ᠤᠨ ᠮᠢᠬ᠎ᠠ ᠨᠤᠭᠤᠭ᠎ᠠ᠎ᠶᠢ ᠨᠦᠭᠡᠴᠡᠯᠡᠬᠦ ᠵᠠᠰᠠᠭ᠎ᠤᠨ ᠣᠷᠳᠣᠨ᠎ᠤ ᠨᠥᠭᠡᠴᠡᠯᠡᠬᠦ᠌ ᠱᠢᠰᠲ᠋ᠧᠮ ᠵᠢᠴᠢ ᠳᠡᠬᠦᠯᠳᠡᠷᠵᠢᠭᠰᠡᠨ ᠰᠠᠭᠠᠳ ᠥᠬᠡᠶ ᠨᠡᠪᠲᠡᠷᠡᠬᠦ᠌ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠱᠢᠰᠲ᠋ᠧᠮ ᠲᠠᠢ ᠪᠠᠢᠵᠥ᠂ ᠬᠣᠲᠠ᠎ᠶ᠋ᠢᠨ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠪᠦᠷᠢᠮᠦᠰᠦᠨ ᠬᠠᠩᠭᠠᠵᠤ ᠴᠢᠳᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面