ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-20 20:34:33

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠬᠢᠵᠢᠭ᠎ᠢ ᠰᠡᠷᠭᠡᠢᠯᠡᠨ ᠡᠵᠡᠮᠳᠡᠬᠦ ᠡᠳ᠋ ᠪᠣᠳᠠᠰ᠂ ᠠᠮᠤ ᠲᠣᠰᠣ ᠮᠢᠬ᠎ᠠ ᠨᠤᠭᠤᠭ᠎ᠠ ᠥᠨᠳᠡᠭᠡ ᠰᠦ ᠵᠡᠷᠭᠡ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌᠎ᠶ᠋ᠢᠨ ᠲᠥᠯᠥᠭᠡ᠂ ᠬᠥᠬᠡᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠦᠳᠲᠡᠷ ᠲᠦᠷᠭᠡᠨ ᠬᠥᠳᠡᠯᠦᠯᠴᠡᠵᠦ᠍᠂ ᠲᠣᠪᠣᠢᠮ᠎ᠠ ᠠᠰᠠᠭᠤᠳᠠᠯ᠎ᠳᠤ ᠲᠥᠪᠯᠡᠷᠡᠭᠦᠯᠦᠨ᠂ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠭᠤᠨ ᠪᠠᠢᠯᠭᠠᠬᠤ ᠠᠵᠢᠯ᠎ᠢ ᠰᠠᠢᠲᠤᠷ ᠬᠢᠵᠦ ᠪᠤᠢ᠃

ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠪᠦᠲᠦᠭᠡᠭ᠌ᠳᠡᠬᠦᠨ᠎ᠦ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠪᠠ᠃ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠵᠢᠯᠴᠠᠨ ᠦᠶ᠋ᠯᠡᠳᠪᠦᠷᠢᠯᠡᠯ ᠪᠠ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠲᠣᠭ᠍ᠲᠠᠭᠤᠨ ᠪᠠᠢᠯᠭᠠᠬᠤ ᠠᠵᠢᠯ᠎ᠢ ᠰᠠᠢᠲᠤᠷ ᠠᠳᠭᠤᠬᠤ᠎ᠶ᠋ᠢᠨ ᠬᠠᠮᠲᠤ᠂ ᠬᠦᠴᠦᠨ᠎ᠢᠶᠡᠨ ᠵᠣᠬᠢᠶᠠᠨ ᠪᠠᠢᠭᠤᠯᠤᠨ ᠠᠮᠤ ᠲᠣᠰᠣ᠂ ᠮᠢᠬ᠎ᠠ᠂ ᠥᠨᠳᠡᠭᠡ᠂ ᠰᠦ᠂ ᠢᠳᠡᠱᠢᠨ ᠨᠣᠭᠣᠭ᠎ᠠ ᠵᠡᠷᠭᠡ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠭᠤᠤᠯᠳᠠᠯᠭ᠎ᠠ᠎ᠲᠠᠶ ᠪᠠᠢᠴᠠᠭᠠᠯᠲᠠ ᠪᠠ ᠰᠤᠭᠤᠴᠢᠨ ᠪᠠᠢᠴᠠᠭᠠᠯᠳᠠ᠎ᠶ᠋ᠢ ᠥᠷᠨᠢᠭᠦᠯᠪᠡ᠃ ᠬᠢᠵᠢᠭ᠎ᠦᠨ ᠪᠠᠢᠳᠠᠯ᠎ᠢ ᠰᠡᠷᠭᠡᠢᠯᠡᠬᠦ᠌ ᠡᠳ᠋ ᠪᠣᠳᠠᠰ᠎ᠤᠨ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠪᠠ᠃ ᠠᠮᠠᠪᠴᠢ᠂ ᠠᠷᠢᠭᠤᠳᠬᠠᠬᠤ ᠰᠢᠩᠭᠡᠨ ᠵᠡᠷᠭᠡ ᠰᠡᠷᠭᠡᠢᠯᠡᠯᠳᠡ ᠬᠠᠮᠠᠭᠠᠯᠠᠯᠳᠠ᠎ᠵᠢᠨ ᠡᠳ᠋ ᠵᠢᠴᠢ ᠬᠢᠵᠢᠭ᠎ᠢ ᠰᠡᠷᠭᠡᠢᠯᠡᠬᠦ᠌ ᠡᠳ᠋ ᠪᠠᠷᠠᠭ᠎ᠠ᠎ᠶ᠋ᠢᠨ ᠵᠠᠬ᠎ᠠ ᠳᠡᠯᠭᠡᠭᠦᠷ᠎ᠢ ᠪᠠᠢᠴᠠᠭᠠᠵᠤ ᠱᠠᠯᠠᠪᠳᠠᠭᠤᠯᠤᠨ ᠪᠠᠢᠴᠠᠭᠠᠬᠤ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠦ᠂ ᠦᠨ᠎ᠡ ᠥᠰᠭᠦ ᠮᠡᠳᠡᠭᠡ ᠵᠠᠩᠭᠢ᠎ᠶ᠋ᠢ ᠬᠤᠳᠠᠯ᠎ᠢᠶᠠᠷ ᠵᠣᠬᠢᠶᠠᠨ ᠲᠠᠷᠬᠠᠭᠠᠬᠤ᠂ ᠦᠨ᠎ᠡ ᠬᠠᠩᠰᠢ᠎ᠶ᠋ᠢ ᠥᠰᠭᠡᠬᠦ᠌ ᠵᠡᠷᠭᠡ ᠦᠢᠯᠡ ᠠᠵᠢᠯᠯᠠᠭ᠎ᠠ᠎ᠶ᠋ᠢ ᠡᠷᠡᠰ ᠪᠠᠢᠴᠠᠭᠠᠨ ᠱᠢᠶ᠋ᠳᠪᠦᠷᠢᠯᠡᠵᠦ᠂ ᠬᠢᠵᠢᠭ᠎ᠤᠨ ᠬᠤᠭᠤᠴᠠᠭᠠᠨ᠎ᠳᠡᠬᠢ ᠰᠡᠷᠭᠡᠢᠯᠡᠯᠳᠡ ᠬᠠᠮᠠᠭᠠᠯᠠᠯᠳᠠ᠂ ᠬᠢᠵᠢᠭ᠎ᠢ ᠰᠡᠷᠭᠡᠢᠯᠡᠬᠦ ᠡᠳ᠋ ᠪᠤᠳᠠᠰ᠎ᠤᠨ ᠦᠨ᠎ᠡ ᠬᠠᠩᠰᠢ᠎ᠵᠢᠨ ᠲᠤᠭᠳᠠᠭᠤᠨ ᠪᠠᠢᠬᠤ᠎ᠵᠢ ᠪᠠᠲᠤᠯᠠᠵᠦ ᠪᠠᠢᠨ᠎ᠠ᠃

ᠬᠦᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠠᠵᠢᠯ᠎ᠤᠨ ᠱᠠᠭᠠᠷᠳᠠᠯᠭ᠎ᠠ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠢᠨ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ ᠂ 2022 ᠣᠨ᠎ᠤ 1 ᠰᠠᠷ᠎ᠠ᠎ᠠᠴᠠ ᠣᠲᠣ ᠪᠣᠯᠲᠠᠯ᠎ᠠ᠂ ᠪᠥᠬᠥ᠌ ᠬᠣᠲᠠ᠎ᠳᠤ ᠬᠠᠤᠯᠢ ᠬᠡᠷᠡᠭ᠌ᠵᠢᠭᠦᠯᠬᠦ᠌ ᠠᠵᠢᠯᠲᠠᠨ᠎ᠢ ᠨᠡᠢᠲᠡ 178 ᠬᠥᠮᠦᠨ ᠤᠳᠠᠭ᠎ᠠ ᠬᠥᠳᠡᠯᠭᠡᠵᠦ᠍᠂ ᠲᠠᠷᠢᠶᠠᠯᠠᠩ ᠠᠷᠠᠯᠵᠢᠶᠠᠨ᠎ᠤ ᠵᠠᠬ᠎ᠠ ᠳᠡᠯᠭᠡᠭᠦᠷ ᠂ ᠬᠤᠳᠠᠯᠳᠤᠭ᠎ᠠ ᠬᠡᠲᠦ ᠳᠡᠯᠭᠡᠭᠦᠷ ᠵᠡᠷᠭᠡ ᠡᠵᠡᠩᠨᠡᠯᠲᠡ᠎ᠶ᠋ᠢᠨ ᠨᠢᠭᠡᠴᠢ᠎ᠶ᠋ᠢ 84 ᠡᠷᠦᠬᠡ ᠤᠳᠠᠭ᠎ᠠ ᠪᠠᠢᠴᠠᠭᠠᠵᠤ᠂ ᠪᠠᠢᠴᠠᠭᠠᠯᠲᠠ᠎ᠶ᠋ᠢᠨ ᠳᠤᠮᠳᠠ ᠢᠯᠡᠷᠡᠭᠦᠯᠦᠭ᠌ᠰᠡᠨ ᠦᠨ᠎ᠡ ᠬᠠᠩᠰᠢ᠎ᠶ᠋ᠢᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠬᠠᠤᠯᠢ ᠪᠤᠰᠤ ᠬᠤᠳᠠᠯᠳᠤᠭᠠᠴᠢᠳ᠎ᠲᠦ ᠴᠢᠩᠭ᠎ᠠ ᠴᠤᠬᠢᠯᠳᠠ ᠦᠭᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面