ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-20 20:33:22

ᠵᠣᠬᠢᠶᠠᠭ᠍ᠴᠢ᠄ ᠰᠥᠩ ᠠ ᠨᠠᠨ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 2 ᠰᠠᠷ᠎ᠠ᠎ᠶ᠋ᠢᠨ 18᠎ᠤ᠋ ᠦᠳᠡ᠎ᠶ᠋ᠢᠨ ᠬᠣᠢᠨ᠎ᠠ ᠪᠤᠭᠤᠲᠤ ᠬᠣᠲᠠ ᠵᠢᠨ ᠬᠤᠷᠠᠯᠲᠤᠭᠤᠯᠤᠭᠰᠠᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠲᠡᠬᠦ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ 2022 ᠣᠨ᠎ᠤ 2 ᠰᠠᠷ᠎ᠠ᠎ᠶ᠋ᠢᠨ 18᠎ᠤ᠋ ᠡᠳᠦᠷ᠎ᠦᠨ 14 ᠴᠠᠭ ᠪᠣᠯᠲᠠᠯ᠎ᠠ᠂ ᠪᠤᠭᠤᠲᠤ ᠬᠣᠲᠠ ᠵᠢᠨ 3 ᠡᠪᠡᠳᠴᠢᠲᠡᠨ᠎ᠢ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠲᠡᠨ ( ᠬᠥᠩᠭᠡᠨ ᠬᠡᠯᠪᠡᠷᠢ ) ᠭᠡᠵᠦ᠍ ᠳᠤᠳᠤᠯᠠᠵᠠᠶ᠃ ᠡᠭᠦᠨ ᠳ᠋ᠦ 2 ᠎ᠨᠢ ᠬᠥᠨᠳᠡᠯᠡᠨ ᠲᠣᠭᠣᠷᠢᠭ᠎ᠲᠤ᠂ 1 ᠎ᠨᠢ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ᠎ᠳᠤ ᠪᠠᠢᠵᠤ᠂ ᠣᠳᠣᠬᠠᠨ᠎ᠳᠤ ᠨᠢᠭᠡᠨᠲᠡ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠭᠦᠯᠦᠨ ᠲᠤᠰᠠᠭᠠᠷᠯᠠᠨ ᠡᠮᠨᠡᠭᠦᠯᠵᠦ᠍᠂ ᠡᠪᠡᠳᠴᠢᠨ᠎ᠦ ᠪᠠᠢᠳᠠᠯ᠎ᠨᠢ ᠲᠣᠭ᠍ᠲᠠᠭᠤᠨ ᠪᠠᠢᠨ᠎ᠠ᠃

2 ᠰᠠᠷ᠎ᠠ᠎ᠶ᠋ᠢᠨ 18᠎ᠤ᠋ ᠡᠳᠦᠷ᠎ᠦᠨ 14 ᠴᠠᠭ ᠪᠣᠯᠲᠠᠯ᠎ᠠ᠂ ᠪᠤᠭᠤᠲᠤ ᠬᠣᠲᠠ᠎ᠶ᠋ᠢᠨ᠎ᠬᠢᠨ ᠨᠡᠢᠲᠡ 229 ᠨᠢᠭ᠍ᠲᠠ ᠣᠢᠷᠠᠲᠤᠭ᠍ᠴᠢ ᠵᠢ ᠵᠢᠭ᠍ᠰᠠᠭᠠᠨ ᠪᠠᠢᠴᠠᠭᠠᠵᠤ᠂ ᠪᠦᠬᠦᠨ᠎ᠢ ᠲᠥᠪᠯᠡᠷᠡᠭᠦᠯᠦᠨ ᠲᠤᠰᠠᠭᠠᠷᠯᠠᠪᠠ; 209 ᠨᠢᠭ᠍ᠲᠠ ᠣᠢᠷᠠᠲᠤᠭ᠍ᠰᠠᠳ ᠲᠠᠢ ᠤᠢᠷᠠᠳᠤᠭᠴᠢ᠎ᠶᠢ ᠵᠢᠭ᠍ᠰᠠᠭᠠᠨ ᠪᠠᠢᠴᠠᠭᠠᠵᠤ᠂ ᠡᠭᠦᠨ᠎ᠳᠦ 185 ᠬᠥᠮᠦᠨ᠎ᠢ ᠨᠢ ᠲᠥᠪᠯᠡᠷᠡᠭᠦᠯᠦᠨ ᠲᠤᠰᠠᠭᠠᠷᠯᠠᠵᠤ᠂ 24 ᠬᠥᠮᠦᠨ᠎ᠢ ᠬᠡᠷ ᠲᠤᠨᠢ ᠲᠤᠰᠠᠭᠠᠷᠯᠠᠵᠦ ᠪᠤᠢ᠃ ᠣᠳᠣ ᠪᠣᠯᠲᠠᠯ᠎ᠠ᠂ ᠬᠠᠮᠢᠶ᠎ᠠ ᠪᠥᠬᠥᠶ ᠨᠢᠭ᠍ᠲᠠ ᠤᠢᠷᠠᠲᠤᠭᠴᠢ᠂ ᠨᠢᠭ᠍ᠲᠠ ᠤᠢᠷᠠᠲᠤᠭᠰᠠᠳ ᠲᠠᠢ ᠤᠢᠷᠠᠳᠤᠭᠴᠢ ᠳ᠋ᠦ ᠪᠦᠭᠡᠮ ᠬᠦᠴᠢᠯ᠎ᠤᠨ ᠪᠠᠢᠴᠠᠭᠠᠯᠲᠠ ᠬᠢᠭᠡᠳ ᠠᠷᠭ᠎ᠠ ᠴᠢᠨᠠᠷ ᠲᠠᠢ ᠬᠦᠮᠦᠨ ᠭᠠᠷᠤᠭᠰᠠᠠ ᠥᠬᠡᠶ᠂ ᠲᠠᠷᠠᠭᠠᠴᠢ᠎ᠶ᠋ᠢᠨ ᠬᠠᠮᠢᠶ᠎ᠠ ᠪᠥᠬᠥᠶ ᠵᠢᠭ᠍ᠰᠠᠭᠠᠨ ᠪᠠᠢᠴᠠᠭᠠᠬᠤ᠂ ᠱᠢᠯᠭᠠᠨ ᠪᠠᠢᠴᠠᠭᠠᠬᠤ ᠠᠵᠢᠯ ᠮᠥᠨ ᠬᠦ᠌ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠮᠡᠳᠡᠭᠦᠯᠦᠯᠲᠡ᠎ᠶ᠋ᠢ ᠣᠯᠤᠭ᠍ᠰᠠᠨ᠎ᠤ ᠳᠠᠷᠠᠭ᠎ᠠ᠂ ᠪᠤᠭᠤᠲᠤ ᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠠ ᠦᠵᠡᠵᠦ᠂ ᠵᠢᠷᠭᠤᠭᠠᠨ ᠶᠡᠬᠡ ᠠᠷᠭ᠎ᠠ ᠬᠡᠮᠵᠢᠶ᠎ᠡ ᠠᠪᠴᠤ᠌ ᠪᠦᠲᠦᠮᠵᠢᠲᠡᠶ ᠰᠡᠷᠭᠡᠢᠯᠡᠨ ᠡᠵᠡᠮᠳᠡᠵᠦ ᠪᠤᠢ᠃

ᠨᠢᠭᠡ᠎ᠳᠦ᠂ ᠪᠠᠴᠢᠮ ᠪᠠᠢᠳᠠᠯ᠎ᠢ ᠠᠷᠭᠠᠴᠠᠭᠠᠬᠤ ᠲᠣᠭ᠍ᠲᠠᠴᠠ᠎ᠶ᠋ᠢ ᠦᠳᠲᠡᠷ ᠲᠦᠷᠭᠡᠨ ᠡᠬᠢᠯᠡᠭᠦᠯᠵᠠᠢ᠃ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠬᠠᠮᠢᠶ᠎ᠠ ᠪᠥᠬᠥᠶ ᠡᠭᠦᠷᠭᠡ ᠴᠢᠳᠠᠪᠬᠢᠳᠤ ᠰᠠᠯᠠᠭ᠎ᠠ ᠮᠥᠴᠢᠷ᠎ᠡᠴᠡ ᠬᠥᠮᠦᠨ ᠲᠠᠲᠠᠵᠤ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠠᠵᠢᠯ᠎ᠤᠨ ᠲᠤᠰᠭᠠᠶ ᠠᠩᠭᠢ᠎ᠶ᠋ᠢ ᠵᠣᠬᠢᠶᠠᠨ ᠪᠠᠢᠭᠤᠯᠵᠤ᠂ ᠬᠥᠨᠳᠡᠯᠡᠨ ᠲᠣᠭᠣᠷᠢᠭ᠂ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤᠨ᠎ᠳᠤ ᠭᠦᠨᠵᠡᠭᠡᠢᠷᠡᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠬᠠᠮᠵᠢᠯᠴᠠᠨ ᠥᠷᠨᠢᠭᠦᠯᠪᠡ᠃ ᠡᠭᠦᠨ᠎ᠦ ᠬᠠᠮᠲᠤ᠂ ᠪᠤᠰᠤᠳ ᠬᠣᠱᠢᠭᠤ ᠱᠢᠶᠠᠨ ᠲᠣᠭᠣᠷᠢᠭ᠎ᠨᠢ ᠬᠡᠪ᠎ᠦᠨ ᠪᠠᠢᠳᠠᠯ ᠪᠠ ᠪᠠᠴᠢᠮ ᠪᠠᠢᠳᠠᠯ᠎ᠢ ᠠᠷᠭᠠᠴᠠᠭᠠᠬᠤ ᠲᠣᠭ᠍ᠲᠠᠴᠠ᠎ᠶ᠋ᠢᠨ ᠰᠣᠯᠢᠭ᠍ᠳᠠᠯ᠎ᠢ ᠦᠳᠲᠡᠷ ᠲᠦᠷᠭᠡᠨ ᠪᠡᠶᠡᠯᠡᠭᠦᠯᠦᠭ᠌ᠰᠡᠨ ᠪᠥᠭᠡᠳ ᠪᠠᠴᠢᠮ ᠪᠠᠢᠳᠠᠯ᠎ᠢ ᠠᠷᠭᠠᠴᠠᠭᠠᠬᠤ ᠲᠤᠰᠭᠠᠶ ᠠᠩᠭᠢ᠎ᠶ᠋ᠢ ᠰᠢᠯᠢᠲᠡᠭᠵᠢᠭᠦᠯᠦᠨ ᠠᠵᠢᠯᠯᠠᠭᠤᠯᠬᠤ ᠠᠷᠭ᠎ᠠ᠎ᠶ᠋ᠢ ᠡᠬᠢᠯᠡᠡ ᠭᠡᠷᠡᠭᠵᠢᠭᠦᠯᠵᠠᠢ᠃

ᠬᠣᠶᠠᠷ᠎ᠲᠤ᠂ ᠲᠠᠬᠤᠯ ᠡᠪᠡᠳᠴᠢᠨ᠎ᠤ ᠡᠬᠢ ᠰᠤᠷᠪᠤᠯᠵᠢ᠎ᠶ᠋ᠢᠠ ᠪᠠᠢᠴᠠᠭᠠᠯᠲᠠ᠎ᠶ᠋ᠢ ᠴᠢᠩᠭᠠᠳᠭᠠᠵᠠᠢ᠃ ᠣᠳᠣᠬᠠᠨ᠎ᠳᠤ᠂ 3 ᠤᠨᠤᠰᠢᠯᠠᠭᠰᠠᠨ ᠡᠪᠡᠳᠴᠢᠨ᠎ᠦ ᠵᠢᠱ᠌ᠢᠶ᠎ᠡ᠎ᠶ᠋ᠢᠨ ᠬᠠᠮᠢᠶ᠎ᠠ ᠪᠥᠬᠥᠶ ᠰᠠᠭᠤᠭᠠᠯᠢ ᠲᠣᠭᠣᠷᠢᠭ᠎ᠤᠨ ᠢᠵᠢᠯᠢ ᠤᠷᠤᠴᠠ᠎ᠶ᠋ᠢᠨ ᠰᠠᠭᠤᠭᠠᠯᠢ ᠠᠷᠠᠳ᠎ᠢ ᠪᠦᠬᠦᠨ᠎ᠢ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠵᠦ᠍᠂ ᠬᠣᠯᠪᠣᠭ᠍ᠳᠠᠬᠤ ᠲᠠᠯᠠᠪᠤᠷ ᠭᠠᠵᠠᠷ᠎ᠢ ᠪᠢᠲᠡᠭᠦᠮᠵᠢᠯᠡᠨ ᠡᠵᠡᠮᠳᠡᠵᠦ᠍ ᠬᠠᠮᠢᠶᠠᠷᠤᠨ᠂ ᠬᠠᠮᠢᠶ᠎ᠠ ᠪᠥᠬᠥᠶ ᠭᠤᠤᠯᠳᠠᠯᠭ᠎ᠠ᠎ᠲᠠᠶ ᠬᠥᠮᠦᠰ᠎ᠢ ᠲᠥᠪᠯᠡᠷᠡᠭᠦᠯᠦᠨ ᠲᠤᠰᠠᠭᠠᠷᠯᠠᠵᠤ ᠪᠠᠢᠨ᠎ᠠ᠃ ᠡᠭᠦᠨ᠎ᠦ ᠬᠠᠮᠲᠤ᠂ ᠲᠡᠭᠦᠨ᠎ᠦ ᠣᠷᠣᠱᠢᠨ ᠠᠮᠢᠳᠤᠷᠠᠭ᠎ᠠ ᠰᠠᠭᠤᠭᠠᠯᠢ ᠲᠣᠭᠣᠷᠢᠭ᠎ᠤᠨ ᠠᠰᠠᠷ᠎ᠤᠨ ᠭᠤᠳᠤᠮᠵᠢ᠂ ᠬᠡᠷ ᠪᠦᠯᠢ ᠵᠡᠷᠭᠡ ᠣᠷᠴᠢᠨ ᠲᠣᠭᠣᠷᠢᠨ᠎ᠡᠴᠡ ᠥᠯᠢᠭᠡᠷ ᠠᠪᠴᠤ᠌ ᠠᠷᠢᠭᠤᠳᠭᠠᠵᠠᠢ᠃

ᠭᠤᠷᠪᠠ᠎ᠳᠤ᠂ ᠭᠣᠣᠯᠳᠠᠯᠭ᠎ᠠ᠎ᠲᠠᠶ ᠬᠥᠮᠦᠰ᠎ᠢ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠠᠢ᠃ ᠳᠣᠲᠣᠭᠠᠳᠤ᠎ᠶ᠋ᠢ ᠬᠠᠮᠠᠭᠠᠯᠠᠬᠤ ᠲᠣᠮᠣ ᠳ᠋ᠠᠢᠲ᠋ᠠ᠎ᠶ᠋ᠢᠨ ᠲᠠᠪᠴᠠᠩ᠎ᠢᠶᠠᠷ ᠲᠦᠱᠢᠭ ᠪᠣᠯᠭᠠᠵᠤ᠂ 2 ᠰᠠᠷ᠎ᠠ᠎ᠶ᠋ᠢᠨ 10 ᠎ᠤ᠋ ᠡᠳᠦᠷ᠎ᠡᠴᠡ ᠨᠠᠭᠠᠰᠢ᠂ ᠬᠥᠬᠡᠬᠣᠲᠠ ᠣᠷᠣᠨ᠎ᠳᠤ ᠢᠷᠡᠵᠦ᠍ ᠶᠠᠪᠤᠬᠤ ᠬᠥᠮᠦᠰ᠎ᠢ ᠪᠦᠬᠦ ᠲᠠᠯ᠎ᠠ ᠪᠡᠷ ᠵᠢᠭ᠍ᠰᠠᠭᠠᠨ ᠪᠠᠢᠴᠠᠭᠠᠵᠤ᠂《ᠪᠠᠢᠴᠠᠭᠠᠬᠤ ᠶᠤᠰᠤᠳᠠᠢ᠎ᠶ᠋ᠢ᠎ᠨᠢ ᠪᠦᠬᠦᠨ᠎ᠢ ᠪᠠᠢᠴᠠᠭᠠᠬᠤ᠂ ᠰᠢᠯᠭᠠᠨ ᠪᠠᠢᠴᠠᠭᠠᠬᠤ ᠶᠤᠰᠤᠳᠠᠢ᠎ᠶ᠋ᠢ᠎ᠨᠢ ᠪᠦᠬᠦᠨ᠎ᠢ ᠰᠢᠯᠭᠠᠨ ᠪᠠᠢᠴᠠᠭᠠᠬᠤ᠂ ᠲᠤᠰᠠᠭᠠᠷᠯᠠᠬᠤ ᠶᠤᠰᠤᠳᠠᠢ᠎ᠶ᠋ᠢ᠎ᠨᠢ ᠪᠦᠬᠦᠨ᠎ᠢ ᠲᠤᠰᠠᠭᠠᠷᠯᠠᠬᠤ᠂ ᠬᠦᠯᠢᠶᠡᠨ ᠠᠪᠴᠤ ᠡᠮᠨᠡᠬᠦ ᠶᠤᠰᠤᠳᠠᠢ᠎ᠶ᠋ᠢ᠎ᠨᠢ ᠪᠦᠬᠦᠨ᠎ᠢ ᠬᠦᠯᠢᠶᠡᠨ ᠠᠪᠴᠤ ᠡᠮᠨᠡᠬᠦ》᠎ᠶ᠋ᠢ ᠦᠨᠡᠨ ᠬᠦ᠌ ᠪᠡᠶᠡᠯᠡᠭᠦᠯᠵᠦ᠍᠂ ᠨᠢᠭᠡ ᠬᠥᠮᠦᠨ᠎ᠢ ᠴᠦ᠍ ᠣᠷᠬᠢᠭ᠍ᠳᠠᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠪᠠ᠃ ᠣᠳᠣᠬᠠᠨ ᠪᠣᠯᠲᠠᠯ᠎ᠠ᠂ ᠬᠥᠬᠡᠬᠣᠲᠠ ᠡᠴᠡ ᠪᠤᠭᠤᠳᠤ ᠳ᠋ᠦ ᠪᠤᠴᠠᠭᠰᠠᠨ 15940 ᠭᠤᠤᠯᠳᠠᠯᠭ᠎ᠠ᠎ᠲᠠᠶ ᠬᠥᠮᠦᠨ᠎ᠢ ᠵᠢᠭ᠍ᠰᠠᠭᠠᠨ ᠪᠠᠢᠴᠠᠭᠠᠵᠤ᠂ 15940 ᠬᠥᠮᠦᠨ᠎ᠳᠦ ᠪᠥᠭᠡᠮ ᠬᠦᠴᠢᠯ᠎ᠦᠨ ᠪᠠᠢᠴᠠᠭᠠᠯᠲᠠ ᠬᠢᠵᠦ᠍᠂ 15453 ᠬᠥᠮᠦᠨ ᠤ᠋ ᠪᠥᠭᠡᠮ ᠬᠦᠴᠢᠯ᠎ᠦᠨ ᠪᠠᠢᠴᠠᠭᠠᠯᠲᠠ ᠵᠢᠨ ᠦᠷ᠎ᠡ ᠳ᠋ᠦᠩ ᠨᠢ ᠪᠢᠯᠢᠭ ᠴᠢᠨᠠᠷ ᠢᠯᠡᠷᠡᠵᠦ᠂ 487 ᠬᠥᠮᠦᠨ ᠤ᠋ ᠪᠥᠭᠡᠮ ᠬᠦᠴᠢᠯ᠎ᠦᠨ ᠪᠠᠢᠴᠠᠭᠠᠯᠲᠠ ᠵᠢᠨ ᠦᠷ᠎ᠡ ᠳ᠋ᠦᠩ᠎ᠨᠢ ᠭᠠᠷᠴᠤ ᠢᠷᠡᠭᠡᠳᠦᠢ ᠪᠠᠢᠭᠰᠠᠭᠠᠷ᠃

ᠳᠥᠷᠪᠡ᠎ᠳᠦ᠂ ᠪᠣᠭᠣᠮᠲᠠ᠎ᠶ᠋ᠢᠨ ᠪᠠᠢᠴᠠᠭᠠᠯᠲᠠ᠎ᠶ᠋ᠢ ᠳᠠᠷᠤᠢᠬᠠᠨ ᠡᠬᠢᠯᠡᠭᠦᠯᠵᠦ᠍᠂ ᠪᠤᠭᠤᠲᠤ᠎ᠳᠤ ᠣᠷᠣᠵᠤ ᠭᠠᠷᠬᠤ ᠬᠥᠮᠦᠰ᠎ᠦᠨ ᠬᠠᠮᠢᠶᠠᠷᠤᠯᠲᠠ᠎ᠶ᠋ᠢ ᠴᠢᠩᠭᠠᠳᠬᠠᠵᠠᠢ᠃ ᠥᠷᠭᠡᠨ ᠣᠯᠠᠨ ᠬᠣᠲᠠ᠎ᠶ᠋ᠢᠨ ᠠᠷᠠᠳ ᠬᠢᠵᠢᠭ᠎ᠦᠨ ᠪᠠᠢᠳᠠᠯ᠎ᠢ ᠨᠢᠭ᠍ᠲᠠ ᠠᠩᠬᠠᠷᠴᠤ᠌᠂ ᠴᠢᠬᠤᠯᠠ ᠦᠭᠡᠢ ᠪᠤᠯ ᠪᠣᠭᠣᠳᠤ᠎ᠡᠴᠡ ᠭᠠᠷᠬᠤ ᠥᠬᠡᠶ᠂ ᠪᠣᠭᠣᠳᠤ ᠡᠴᠡ ᠭᠠᠷᠬᠤ ᠴᠢᠬᠤᠯᠠᠲᠠᠶ ᠪᠣᠯ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠳᠠ ᠵᠢᠨ ᠪᠢᠯᠢᠭ ᠴᠢᠨᠠᠷ᠎ᠤᠨ ᠭᠡᠷᠡᠴᠢ ᠪᠠᠢᠬᠤ ᠬᠡᠷᠡᠭ᠌ᠲᠡᠶ; ᠳᠤᠮᠳᠠ ᠥᠨᠳᠥᠷ ᠲᠦᠭ᠌ᠰᠢᠭᠦᠷᠢᠲᠡᠢ ᠭᠠᠵᠠᠷ ᠣᠷᠣᠨ ᠡᠴᠡ ᠪᠤᠭᠤᠳᠤ ᠳ᠋ᠤ ᠢᠷᠡᠬᠦ(ᠪᠤᠴᠠᠬᠤ) ᠬᠥᠮᠦᠰ᠎ᠲᠦ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ ᠶᠣᠰᠣᠭᠠᠷ ᠵᠣᠬᠢᠬᠤ ᠲᠤᠰᠠᠭᠠᠷᠯᠠᠬᠤ ᠠᠷᠭ᠎ᠠ ᠬᠡᠮᠵᠢᠶ᠎ᠡ ᠠᠪᠤᠪᠠ᠃

ᠲᠠᠪᠤ᠎ᠳᠤ᠂ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠭᠠᠳᠭᠠᠵᠠᠢ᠃ ᠬᠠᠯᠠᠭᠤᠷᠠᠬᠤ ᠡᠪᠡᠳᠴᠢᠨ᠎ᠦ ᠡᠭᠦᠳᠡᠨ ᠡᠮᠨᠡᠯᠭᠡ ᠪᠠᠢᠬᠤ ᠥᠬᠡᠶ ᠡᠮᠴᠢᠯᠡᠭᠡᠨ᠎ᠦ ᠪᠠᠢᠭᠤᠯᠤᠮᠵᠢ᠂ ᠢᠯᠠᠩᠭᠤᠶ᠎ᠠ ᠡᠮᠨᠡᠬᠦ᠌ ᠭᠠᠵᠠᠷ᠂ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠥᠷᠲᠡᠭᠡ᠂ ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ ᠵᠡᠷᠭᠡ᠎ᠵᠢᠨ ᠢᠯᠡ ᠪᠠᠢᠷᠢᠨ᠎ᠳᠤ ᠡᠮᠨᠡᠭᠦᠯᠬᠦ᠌ ᠵᠠᠷ ᠨᠠᠭᠠᠵᠤ᠂ ᠬᠠᠯᠠᠭᠤᠷᠠᠬᠤ ᠪᠤᠶᠤ ᠡᠪᠡᠳᠴᠢᠨ᠎ᠦ ᠰᠡᠵᠢᠭ᠌ᠯᠡᠯᠲᠡᠶ ᠬᠥᠮᠦᠰ᠎ᠢ ᠬᠥᠲᠥᠯᠦᠨ ᠵᠢᠯᠣᠭᠣᠳᠴᠤ᠌ ᠪᠠᠢᠭᠠᠳ ᠬᠠᠯᠠᠭᠤᠷᠠᠬᠤ ᠡᠪᠡᠳᠴᠢᠨ᠎ᠦ ᠡᠭᠦᠳᠡᠨ ᠡᠮᠨᠡᠯᠭᠡ ᠪᠠᠢᠬᠤ ᠡᠮᠴᠢᠯᠡᠭᠡᠨ᠎ᠦ ᠪᠠᠢᠭᠤᠯᠤᠮᠵᠢ᠎ᠳᠤ ᠡᠮᠨᠡᠭᠦᠯᠬᠦ᠌ ᠬᠡᠷᠡᠭ᠌ᠲᠡᠶ᠃ ᠪᠥᠬᠥ᠌ ᠬᠣᠲᠠ᠎ᠶ᠋ᠢᠨ ᠬᠠᠯᠠᠭᠤᠷᠠᠬᠤ ᠡᠪᠡᠳᠴᠢᠨ᠎ᠤ ᠡᠭᠦᠳᠡᠨ ᠡᠮᠨᠡᠯᠭᠡ ᠲᠤᠬᠢᠷᠠᠭᠤᠯᠤᠭᠰᠠᠨ ᠦᠭᠡᠢ ᠡᠮᠴᠢᠯᠡᠭᠡᠨ᠎ᠦ ᠪᠠᠢᠭᠤᠯᠤᠮᠵᠢ ᠬᠠᠯᠠᠭᠤᠷᠠᠭᠰᠠᠨ ᠡᠪᠡᠳᠴᠢᠨ᠎ᠦ ᠵᠢᠱ᠌ᠢᠶ᠎ᠡ᠎ᠶ᠋ᠢ ᠭᠥᠯᠢᠶᠡᠨ ᠠᠪᠴᠤ᠌ ᠡᠮᠨᠡᠨ ᠵᠠᠰᠠᠬᠤ᠎ᠶ᠋ᠢ ᠵᠥᠪᠱᠢᠶᠡᠷᠡᠬᠦ᠌ ᠥᠬᠡᠶ᠂ ᠪᠥᠬᠥ᠌ ᠬᠣᠲᠠ᠎ᠶ᠋ᠢᠨ ᠡᠯ᠎ᠡ ᠲᠥᠷᠥᠯ᠎ᠦᠨ ᠡᠮ᠎ᠦᠨ ᠳᠡᠯᠭᠡᠭᠦᠷ 《ᠬᠠᠯᠠᠭᠤᠨ᠎ᠢ ᠪᠠᠭᠤᠷᠠᠭᠤᠯᠬᠤ᠂ ᠬᠠᠨᠢᠶᠠᠳᠤ᠎ᠶ᠋ᠢ ᠵᠣᠭ᠍ᠰᠣᠭᠠᠬᠤ᠂ ᠸᠢᠷᠦ᠋ᠰ᠎ᠢ ᠳᠠᠷᠤᠬᠤ᠂ ᠪᠠᠺᠲ᠋ᠧᠷᠢ ᠳᠠᠷᠤᠬᠤ ᠡᠳ᠋》 ᠵᠡᠷᠭᠡ ᠳᠥᠷᠪᠡᠨ ᠲᠥᠷᠥᠯ᠎ᠦᠨ ᠡᠮ᠎ᠦᠨ ᠵᠦᠶ᠋ᠯ᠎ᠢ ᠪᠣᠷᠣᠯᠠᠭᠤᠯᠬᠤ᠎ᠶ᠋ᠢ ᠲᠦᠷ ᠵᠣᠭ᠍ᠰᠣᠭᠠᠪᠠ᠃

ᠵᠢᠷᠭᠤᠭ᠎ᠠ᠎ᠳᠤ᠂ ᠨᠡᠢᠭᠡᠮ᠎ᠦᠨ ᠲᠠᠯ᠎ᠠ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠭᠠᠳᠭᠠᠪᠠ᠃ ᠪᠥᠬᠥ᠌ ᠬᠣᠲᠠ᠎ᠶ᠋ᠢᠨ ᠬᠡᠪᠴᠢᠶᠡᠨ᠎ᠳᠦ ᠲᠣᠮᠣ ᠬᠡᠯᠪᠡᠷᠢ᠎ᠶ᠋ᠢᠨ ᠳ᠋ᠧᠩᠯᠦ᠎ᠵᠢᠨ ᠪᠠᠶᠠᠷ᠂ ᠳᠡᠯᠭᠡᠨ ᠪᠣᠷᠣᠯᠠᠭᠤᠯᠬᠤ ᠴᠤᠭ᠍ᠯᠠᠭᠠᠨ᠂ ᠳᠠᠢᠯᠠᠯᠭ᠎ᠠ᠂ ᠪᠠᠶᠠᠷ᠎ᠤᠨ ᠶᠣᠰᠣᠯᠠᠯ᠂ ᠠᠵᠢᠯᠲᠠᠨ ᠡᠯᠰᠡᠬᠦ᠌ ᠴᠤᠭ᠍ᠯᠠᠭᠠᠨ ᠵᠡᠷᠭᠡ ᠬᠠᠮᠲᠤ᠎ᠶ᠋ᠢᠨ ᠠᠵᠢᠯᠯᠠᠭ᠎ᠠ᠎ᠶ᠋ᠢ ᠲᠦᠷ ᠵᠣᠭ᠍ᠰᠣᠭᠠᠪᠠ᠃ ᠡᠭᠦᠨ᠎ᠦ ᠬᠠᠮᠲᠤ᠂ ᠪᠥᠬᠥ᠌ ᠬᠣᠲᠠ᠎ᠶ᠋ᠢᠨ ᠡᠯ᠎ᠡ ᠲᠥᠷᠥᠯ᠎ᠦᠨ ᠨᠡᠢᠭᠡᠮ᠎ᠦᠨ ᠵᠣᠬᠢᠶᠠᠨ ᠪᠠᠢᠭᠤᠯᠤᠯᠲᠠ ᠴᠤᠭ᠍ᠯᠠᠷᠠᠯ᠎ᠤᠨ ᠴᠢᠨᠠᠷᠲᠠᠶ ᠠᠵᠢᠯᠯᠠᠭ᠎ᠠ ᠡᠷᠭᠢᠯᠡᠬᠦ᠌ ᠥᠬᠡᠶ ᠪᠠᠢᠵᠤ᠂ ᠬᠤᠷᠢᠮ ᠪᠠᠶᠠᠷ ᠢ᠋ ᠬᠣᠢᠱᠢᠯᠠᠭᠤᠯᠤᠨ ᠭᠦᠶ᠋ᠴᠡᠳᠭᠡᠵᠦ᠍᠂ ᠣᠷᠣᠱᠢᠭᠤᠯᠭ᠎ᠠ᠎ᠶ᠋ᠢ ᠲᠥᠬᠥᠮ ᠭᠦᠶ᠋ᠴᠡᠳᠭᠡᠵᠦ᠍᠂ ᠪᠥᠭᠡᠮᠨᠡᠷᠡᠬᠦ᠌ ᠥᠬᠡᠶ᠂ ᠴᠤᠭ᠍ᠯᠠᠷᠠᠬᠤ ᠥᠬᠡᠶ᠂ ᠬᠠᠮᠳᠤ ᠬᠤᠭᠤᠯᠠᠯᠠᠬᠤ ᠥᠬᠡᠶ ᠪᠠᠢᠵᠤ᠂ ᠰᠠᠢᠨ ᠰᠠᠢᠬᠠᠨ ᠡᠷᠡᠭᠦᠯ ᠬᠠᠮᠠᠭᠠᠯᠠᠯ᠎ᠤᠨ ᠳᠠᠳᠭᠠᠯ ᠪᠠ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠣᠶ ᠪᠣᠯᠭᠠᠬᠤ ᠬᠡᠷᠡᠭ᠌ᠲᠡᠶ ᠭᠡᠵᠦ᠍ ᠱᠠᠭᠠᠷᠳᠠᠪᠠ᠃

ᠣᠳᠣᠬᠠᠨ᠎ᠳᠤ ᠪᠤᠭᠤᠲᠤ ᠬᠤᠳᠠ ᠡᠮᠴᠢᠯᠡᠭᠡᠨ᠎ᠳᠦ ᠬᠡᠷᠡᠭ᠌ᠯᠡᠬᠦ᠌ ᠠᠮᠠᠪᠴᠢ᠂ ᠡᠮᠴᠢᠯᠡᠭᠡᠨ᠎ᠳᠦ ᠬᠡᠷᠡᠭ᠌ᠯᠡᠬᠦ᠌ ᠬᠠᠮᠠᠭᠠᠯᠠᠯᠲᠠ᠎ᠶ᠋ᠢᠨ ᠬᠤᠪᠴᠠᠰᠤ᠂ ᠡᠮᠴᠢᠯᠡᠭᠡᠨ᠎ᠳᠦ ᠬᠡᠷᠡᠭ᠌ᠯᠡᠬᠦ᠌ ᠲᠤᠰᠠᠭᠠᠷᠯᠠᠬᠤ ᠪᠠᠭ᠂ ᠡᠮᠴᠢᠯᠡᠭᠡᠨ᠎ᠳᠦ ᠬᠡᠷᠡᠭ᠌ᠯᠡᠬᠦ᠌ ᠲᠤᠰᠠᠭᠠᠷᠯᠠᠬᠤ ᠬᠤᠪᠴᠠᠰᠤ᠂ ᠪᠥᠭᠡᠮ ᠬᠦᠴᠢᠯ᠎ᠢ ᠱᠢᠯᠭᠠᠨ ᠪᠠᠢᠴᠠᠭᠠᠬᠤ ᠤᠷᠪᠠᠯᠵᠢ᠂ ᠠᠷᠢᠭᠤᠳᠭᠠᠬᠤ ᠡᠮ ᠵᠡᠷᠭᠡ᠎ᠶ᠋ᠢ ᠴᠥᠮ ᠭᠦᠢᠴᠡᠳ ᠨᠥᠭᠡᠴᠡᠯᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭᠴᠡᠬᠡ᠎ᠶ᠋ᠢ ᠪᠦᠷᠢᠮᠦᠰᠦᠨ ᠬᠠᠩᠭᠠᠵᠤ ᠲᠠᠢᠯᠤᠨ᠎ᠠ᠃ ᠪᠦᠬᠦ᠌ ᠬᠣᠲᠠ᠎ᠶ᠋ᠢᠨ ᠠᠮᠤ ᠲᠣᠰᠣ᠂ ᠢᠳᠡᠱᠢᠨ ᠨᠣᠭᠣᠭ᠎ᠠ᠂ ᠮᠢᠬᠠᠨ᠎ᠤ ᠲᠥᠷᠥᠯ ᠵᠡᠷᠭᠡ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠎ᠤᠨ ᠬᠠᠩᠭᠠᠯᠭ᠎ᠠ ᠭᠦᠢᠴᠡᠳ᠂ ᠵᠠᠮ ᠰᠠᠭᠠᠳ ᠦᠭᠡᠢ᠂ ᠲᠥᠷᠥᠯ ᠵᠦᠢᠯ ᠡᠯᠪᠡᠭ ᠪᠠᠢᠵᠦ᠂ ᠦᠨ᠎ᠡ ᠬᠠᠩᠰᠢ ᠨᠢ ᠲᠣᠭ᠍ᠲᠠᠭᠤᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面