ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-20 20:29:50

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

2 ᠰᠠᠷ᠎ᠠ᠎ᠵᠢᠨ 19᠎ᠦ ᠡᠳᠦᠷ᠂ ᠬᠥᠬᠡᠬᠣᠲᠠ ᠵᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠮᠡᠳᠡᠬᠡ ᠨᠡᠢᠳᠡᠯᠡᠵᠦ᠂ 2 ᠰᠠᠷ᠎ᠠ ᠵᠢᠨ18᠎ᠤ᠋ ᠡᠳᠦᠷ ᠤ᠋ᠨ 14 ᠴᠠᠭ᠎ᠡᠴᠡ 2 ᠰᠠᠷ᠎ᠠ ᠵᠢᠨ 19᠎ᠤ᠋ ᠡᠳᠦᠷ ᠤ᠋ᠨ 14 ᠴᠠᠭ ᠪᠣᠯᠲᠠᠯ᠎ᠠ᠂ ᠬᠦᠬᠡᠬᠤᠳᠠ ᠰᠢᠨ᠎ᠡ ᠪᠡᠷ ᠨᠡᠮᠡᠭᠳᠡᠭᠰᠡᠨ ᠲᠤᠬᠠᠢ᠎ᠵᠢᠨ ᠭᠠᠵᠠᠷ᠎ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠶ᠎ᠡ᠎ᠵᠢ 49 ᠮᠡᠳᠡᠬᠦᠯᠪᠡ᠃

ᠬᠥᠬᠡᠬᠣᠲᠠ ᠵᠢᠨ ᠲᠤᠰ ᠡᠭᠡᠯᠵᠢ ᠵᠢᠨ ᠬᠢᠵᠢᠭ ᠤ᠋ᠨ ᠪᠠᠢᠳᠠᠯ᠎ᠤᠨ ᠮᠡᠳᠡᠭᠦᠯᠦᠯᠲᠡ ᠳ᠋ᠦ ᠲᠤᠬᠠᠢ᠎ᠵᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠶ᠎ᠡ ᠨᠡᠢᠲᠡ 86 ᠪᠤᠢ᠂ ᠡᠭᠦᠨ ᠳ᠋ᠦ ᠱᠢᠨ᠎ᠡ ᠬᠤᠳᠠ ᠲᠣᠭᠣᠷᠢᠭ ᠲᠦ᠍ 23᠂ ᠬᠣᠲᠣᠩ ᠠᠷᠠᠳ᠎ᠤᠨ ᠲᠣᠭᠣᠷᠢᠭ ᠲᠦ᠍ 5᠂ ᠢᠦᠢᠴᠢᠤᠸᠠᠨ ᠲᠣᠭᠣᠷᠢᠭ ᠲᠦ᠍ 10᠂ ᠰᠠᠢᠬᠠᠨ ᠲᠣᠭᠣᠷᠢᠭ ᠲᠦ᠍ 18᠂ ᠲᠦᠮᠡᠳ ᠵᠡᠭᠦᠨ ᠬᠣᠱᠢᠭᠤᠨ᠎ᠳᠦ 9᠂ ᠬᠤᠷᠢᠨᠭᠡᠷ ᠰᠢᠶᠠᠨ᠎ᠳᠦ 3᠂ ᠦᠴᠦᠸᠠᠨ ᠱᠢᠶᠠᠨ᠎ᠳᠦ 18 ᠪᠠᠢᠨ᠎ᠠ᠃ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠶ᠎ᠡ ᠵᠢᠨ ᠣᠯᠠᠩᠬᠢ ᠵᠢ ᠨᠢ ᠲᠤᠰᠠᠭᠠᠷᠯᠠᠨ ᠬᠠᠮᠢᠶᠠᠷᠴᠤ᠌ ᠡᠵᠡᠮᠳᠡᠵᠦ᠍ ᠪᠠᠢᠭ᠎ᠠ ᠬᠥᠮᠦᠰ ᠤ᠋ᠨ ᠪᠥᠭᠡᠮ ᠬᠦᠴᠢᠯ ᠤ᠋ᠨ ᠪᠠᠢᠴᠠᠭᠠᠯᠲᠠ᠎ᠳᠤ ᠢᠯᠡᠷᠡᠬᠦᠯᠵᠠᠢ᠃ ᠤᠳᠤ᠂ ᠪᠦᠬᠦ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠵᠢ ᠥᠪᠥᠷ ᠮᠣᠩᠭᠣᠯ᠎ᠤᠨ ᠳᠥᠷᠪᠡᠳᠦᠭᠡᠷ ᠡᠮᠨᠡᠯᠭᠡ ᠵᠢᠨ ᠬᠣᠷᠢᠶ᠎ᠠ᠎ᠳᠤ ᠲᠤᠰᠠᠭᠠᠷᠯᠠᠨ ᠡᠮᠨᠡᠭᠦᠯᠵᠦ᠍᠂ ᠲᠤᠰᠭᠠᠶ ᠮᠡᠷᠭᠡᠵᠢᠯᠲᠡᠨ᠎ᠤ ᠬᠠᠮᠲᠤᠷᠠᠨ ᠣᠨᠣᠱᠢᠯᠠᠬᠤ᠎ᠪᠠᠷ ᠳᠡᠮᠵᠢᠨ᠂ 20 ᠡᠪᠡᠳᠴᠢᠨ᠎ᠦ ᠵᠢᠱ᠌ᠢᠶ᠎ᠡ ᠨᠢ ᠡᠩ ᠤ᠋ᠨ ᠬᠡᠯᠪᠡᠷᠢ ᠵᠢᠨ ᠪᠠᠢᠵᠤ᠂ 64 ᠡᠪᠡᠳᠴᠢᠨ᠎ᠦ ᠵᠢᠱ᠌ᠢᠶ᠎ᠡ ᠨᠢ ᠬᠥᠩᠭᠡᠨ ᠬᠡᠯᠪᠡᠷᠢ ᠵᠢᠨ ᠪᠠᠢᠵᠤ᠂ 2 ᠡᠪᠡᠳᠴᠢᠨ᠎ᠦ ᠵᠢᠱ᠌ᠢᠶ᠎ᠡ ᠨᠢ ᠬᠦᠨᠳᠤ ᠭᠡᠯᠪᠠᠷᠢ᠎ᠵᠢᠨ ᠪᠤᠯᠤᠨ᠎ᠠ᠃

2022 ᠣᠨ᠎ᠤ 2 ᠰᠠᠷ᠎ᠠ᠎ᠶ᠋ᠢᠨ 19 ᠎ᠦ ᠡᠳᠦᠷ᠎ᠦᠨ 14 ᠴᠠᠭ ᠪᠣᠯᠲᠠᠯ᠎ᠠ᠂ ᠲᠣᠰ ᠡᠭᠡᠯᠵᠢ᠎ᠶ᠋ᠢᠨ ᠬᠢᠵᠢᠭ᠎ᠲᠦ ᠨᠡᠢᠲᠡ 2428 ᠨᠢᠭ᠍ᠲᠠ ᠣᠢᠷᠠᠲᠤᠭ᠍ᠴᠢ᠂ 1308 ᠨᠢᠭ᠍ᠲᠠ ᠣᠢᠷᠠᠲᠤᠭ᠍ᠰᠡᠳ ᠲᠠᠢ ᠤᠢᠷᠠᠳᠤᠭᠴᠢ᠎ᠵᠢ ᠵᠢᠭ᠍ᠰᠠᠭᠠᠨ ᠪᠠᠢᠴᠠᠭᠠᠵᠤ᠂ ᠨᠢᠭᠡᠨᠳᠡ ᠲᠤᠰᠠᠭᠠᠷᠯᠠᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠦᠬᠦᠨ᠎ᠢ ᠨᠠᠢᠳᠠᠪᠤᠷᠢᠵᠢᠭᠤᠯᠪᠠ᠃ ᠡᠭᠦᠨ᠎ᠳᠦ ᠬᠠᠮᠤᠭ ᠎ᠤᠨ ᠡᠷᠲᠡ ᠢᠯᠡᠷᠡᠭᠦᠯᠦᠭ᠌ᠰᠡᠨ 3 ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠲᠡᠶ ᠨᠢᠭ᠍ᠲᠠ ᠣᠢᠷᠠᠲᠤᠭ᠍ᠴᠢ125 ᠪᠣᠶ᠃

2022 ᠣᠨ᠎ᠤ 2 ᠰᠠᠷ᠎ᠠ᠎ᠶ᠋ᠢᠨ 17 ᠎ᠤ ᠡᠳᠦᠷ᠎ᠦᠨ 15 ᠴᠠᠭ᠎ᠠᠴᠠ ᠡᠬᠢᠯᠡᠨ᠂ ᠬᠥᠬᠡᠬᠣᠲᠠ᠎ᠶ᠋ᠢᠨ᠎ᠬᠢᠨ ᠨᠢᠭᠡᠳᠦᠭᠡᠷ ᠡᠭᠡᠯᠵᠢ᠎ᠶ᠋ᠢᠨ ᠭᠤᠤᠯᠳᠠᠯᠭ᠎ᠠ᠎ᠲᠠᠶ ᠭᠠᠵᠠᠷ ᠤᠷᠤᠨ᠎ᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ 1000 — 1500 ᠬᠥᠮᠦᠨ / ᠥᠯᠢᠭᠡᠷ ᠡᠳ᠋ ᠠᠪᠬᠤ ᠴᠡᠭ᠂ 500 — 1000 ᠬᠥᠮᠦᠨ / ᠥᠯᠢᠭᠡᠷ ᠡᠳ᠋ ᠠᠪᠬᠤ ᠲᠠᠪᠴᠠᠩ᠎ᠤᠨ ᠪᠠᠷᠢᠮᠵᠢᠶ᠎ᠠ ᠶᠣᠰᠣᠭᠠᠷ᠂ ᠬᠣᠯᠪᠣᠭ᠍ᠳᠠᠯ ᠪᠥᠬᠥᠶ ᠬᠣᠱᠢᠭᠤ ᠱᠢᠶᠠᠨ ᠲᠣᠭᠣᠷᠢᠭ᠎ᠲᠤ ᠨᠡᠢᠲᠡ 1860 ᠥᠯᠢᠭᠡᠷ ᠡᠳ᠋ ᠠᠪᠬᠤ ᠴᠡᠭ᠂ 3579 ᠥᠯᠢᠭᠡᠷ ᠡᠳ᠋ ᠠᠪᠬᠤ ᠲᠠᠪᠴᠠᠩ ᠲᠣᠬᠢᠷᠠᠭᠤᠯᠵᠤ᠂ 6715 ᠦᠯᠢᠭᠡᠷ ᠡᠳ᠋ ᠠᠪᠬᠤ ᠡᠮᠨᠡᠯᠭᠡ᠎ᠶ᠋ᠢᠨ ᠠᠵᠢᠯᠲᠠᠨ᠎ᠳᠤᠬᠢᠷᠠᠭᠤᠯᠪᠠ᠃ 2 ᠰᠠᠷ᠎ᠠ᠎ᠶ᠋ᠢᠨ 19 ᠎ᠦ ᠡᠳᠦᠷ᠎ᠦᠨ 14 ᠴᠠᠭ ᠪᠣᠯᠲᠠᠯ᠎ᠠ᠂ ᠪᠥᠭᠡᠮ ᠬᠦᠴᠢᠯ᠎ᠦᠨ ᠥᠯᠢᠭᠡᠷ ᠡᠳ᠋᠎ᠢ ᠨᠡᠢᠲᠡ 2626575 ᠬᠤᠪᠢ ᠴᠤᠭ᠍ᠯᠠᠭᠤᠯᠪᠠ᠃ ᠱᠢᠯᠭᠠᠨ ᠪᠠᠢᠴᠠᠭᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠂ ᠨᠢᠭᠡᠳᠦᠭᠡᠷ ᠡᠭᠡᠯᠵᠢ᠎ᠶ᠋ᠢᠨ ᠭᠤᠤᠯᠳᠠᠯᠭ᠎ᠠ᠎ᠲᠠᠶ ᠭᠠᠵᠠᠷ ᠤᠷᠤᠨ᠎ᠤ ᠬᠥᠮᠦᠰ᠎ᠦᠨ ᠪᠥᠭᠡᠮ ᠬᠦᠴᠢᠯ᠎ᠦᠨ ᠪᠠᠢᠴᠠᠭᠠᠯᠲᠠ᠎ᠳᠤ ᠂ ᠬᠦᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠨᠢ 7 ᠭᠤᠷᠪᠠᠳᠠᠬᠢ ᠡᠲᠡᠭᠡᠳ᠎ᠦᠨ ᠱᠢᠯᠭᠠᠨ ᠪᠠᠢᠴᠠᠭᠠᠬᠤ ᠪᠠᠢᠭᠤᠯᠤᠮᠵᠢ᠎ᠶ᠋ᠢ ᠵᠣᠬᠢᠴᠠᠭᠤᠯᠵᠤ᠂ 5 ᠲᠤᠷᠱᠢᠯᠲᠠ᠎ᠶ᠋ᠢᠨ ᠲᠠᠰᠤᠭ᠎ᠢ ᠨᠡᠭᠡᠭᠡᠵᠦ᠍᠂ ᠲᠠᠪᠤᠨ PCR ᠴᠢᠩᠭᠡᠯᠢᠭ᠎ᠢ ᠵᠤᠬᠢᠴᠠᠭᠤᠯᠤᠨ ᠳᠤᠬᠢᠷᠠᠭᠤᠯᠵᠦ ᠂ ᠡᠳᠦᠷ ᠎ᠦᠨ ᠱᠢᠯᠭᠠᠨ ᠪᠠᠢᠴᠠᠭᠠᠬᠤ ᠴᠢᠳᠠᠪᠤᠷᠢ ᠨᠢ 24 ᠲᠦᠮᠡᠨ ᠬᠣᠭᠣᠯᠠᠶ ᠎ᠳᠤ ᠬᠦᠷᠴᠦ᠍ ᠂ 10᠄1 ᠎ᠪᠠᠷ ᠬᠣᠯᠢᠯᠳᠤᠭᠤᠯᠤᠨ ᠱᠢᠯᠭᠠᠨ ᠪᠠᠢᠴᠠᠭᠠᠵᠤ᠂ ᠡᠳᠦᠷ ᠪᠦᠷᠢ 240 ᠲᠦᠮᠡᠨ ᠬᠥᠮᠦᠨ᠎ᠦ ᠱᠢᠯᠭᠠᠨ ᠪᠠᠢᠴᠠᠭᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠠᠢ᠃

2 ᠰᠠᠷ᠎ᠠ᠎ᠵᠢᠨ 19᠎ᠤ ᠡᠳᠦᠷ᠂ ᠬᠦᠬᠡᠬᠤᠳᠠ᠎ᠵᠢᠨ ᠬᠢᠨ ᠬᠤᠶᠠᠳᠤᠭᠠᠷ ᠡᠭᠡᠯᠵᠢ᠎ᠵᠢᠨ ᠭᠤᠤᠯᠳᠠᠯᠭ᠎ᠠ ᠲᠠᠢ ᠭᠠᠵᠠᠷ ᠤᠷᠤᠨ᠎ᠤ ᠪᠦᠬᠡᠮ ᠬᠦᠴᠢᠯ᠎ᠤᠨ ᠪᠠᠢᠴᠠᠭᠠᠯᠳᠠ᠎ᠵᠢ ᠡᠬᠢᠯᠡᠬᠦᠯᠪᠡ᠃ ᠬᠤᠶᠠᠳᠤᠭᠠᠷ ᠡᠭᠡᠯᠵᠢ᠎ᠵᠢᠨ ᠪᠦᠭᠡᠮ ᠬᠦᠴᠢᠯ᠎ᠤᠨ ᠪᠠᠢᠴᠠᠭᠠᠯᠳᠠ᠎ᠳᠦ᠂ ᠪᠦᠬᠦ ᠬᠤᠳᠠ᠎ᠳᠦ 126 ᠥᠯᠢᠭᠡᠷ ᠡᠳ᠋ ᠠᠪᠬᠤ ᠴᠡᠭ᠎ᠢ ᠨᠠᠮᠠᠨ ᠲᠣᠬᠢᠷᠠᠭᠤᠯᠵᠤ᠂ ᠥᠯᠢᠭᠡᠷ ᠡᠳ᠋ ᠠᠪᠬᠤ ᠡᠮᠴᠢᠯᠡᠭᠡᠨ᠎ᠦ ᠠᠵᠢᠯᠲᠠᠨ᠎ᠢ 934 ᠨᠡᠮᠡᠵᠦ᠍ ᠲᠣᠮᠢᠯᠠᠨ᠂ ᠡᠳᠦᠷ᠎ᠤᠨ ᠱᠢᠯᠭᠠᠨ ᠪᠠᠢᠴᠠᠭᠠᠬᠤ ᠴᠢᠳᠠᠪᠤᠷᠢ᠎ᠨᠢ 2 ᠲᠦᠮᠡᠨ ᠬᠣᠭᠣᠯᠠᠢ᠎ᠳᠦ ᠬᠦᠷᠬᠦ PCR ᠴᠢᠩᠭᠡᠯᠢᠭ ᠪᠠ ᠡᠳᠦᠷ᠎ᠤᠨ ᠱᠢᠯᠭᠠᠨ ᠪᠠᠢᠴᠠᠭᠠᠬᠤ ᠴᠢᠳᠠᠪᠤᠷᠢ ᠨᠢ 5 ᠲᠦᠮᠡᠨ ᠬᠣᠭᠣᠯᠠᠢ᠎ᠳᠦ ᠬᠦᠷᠬᠦ ᠬᠡᠢ᠎ᠶ᠋ᠢᠨ ᠵᠠᠭ᠍ᠪᠤᠷ᠎ᠤᠨ ᠲᠤᠷᠱᠢᠯᠲᠠ᠎ᠶ᠋ᠢᠨ ᠲᠠᠰᠤᠭ᠎ᠢ 3 ᠨᠠᠮᠠᠨ ᠲᠣᠬᠢᠷᠠᠭᠤᠯᠵᠤ᠂ ᠡᠳᠦᠷ᠎ᠤᠨ ᠱᠢᠯᠭᠠᠨ ᠪᠠᠢᠴᠠᠭᠠᠬᠤ ᠴᠢᠳᠠᠪᠤᠷᠢ᠎ᠶ᠋ᠢ 35 ᠲᠦᠮᠡᠨ ᠬᠣᠭᠣᠯᠠᠶ᠎ᠳᠤ ᠬᠦᠷᠦᠬᠦᠯᠪᠡ᠃ ᠥᠪᠡᠷᠲᠡᠭᠡᠨ ᠵᠠᠰᠠᠬᠤ ᠣᠷᠣᠨ᠎ᠠᠴᠠ ᠦᠬᠠᠶ ᠬᠣᠲᠠ᠂ ᠤᠯᠠᠭᠠᠨᠬᠠᠳᠠ ᠬᠣᠲᠠ᠂ ᠲᠦᠩᠯᠢᠶᠣᠤ ᠬᠣᠲᠠ᠂ ᠪᠠᠶᠠᠨᠨᠠᠭᠤᠷ ᠬᠣᠲᠠ ᠂ ᠬᠢᠩᠭᠠᠨ ᠠᠢᠮᠠᠭ ᠂ ᠱᠢᠯᠢ᠎ᠶ᠋ᠢᠨ ᠭᠤᠤᠯ ᠠᠢᠮᠠᠭ ᠵᠡᠷᠭᠡ 6 ᠠᠢᠮᠠᠭ ᠬᠣᠲᠠ᠎ᠶ᠋ᠢᠨ ᠨᠡᠢᠲᠡ 90 ᠨᠡᠷᠡᠰ ᠪᠥᠭᠡᠮ ᠬᠦᠴᠢᠯ᠎ᠦᠨ ᠲᠤᠷᠱᠢᠯᠲᠠ᠎ᠶ᠋ᠢᠨ ᠲᠠᠰᠤᠭ᠎ᠤᠨ ᠱᠢᠯᠭᠠᠨ ᠪᠠᠢᠴᠠᠭᠠᠬᠤ ᠠᠵᠢᠯᠲᠠᠨ᠎ᠢ ᠬᠥᠬᠡᠬᠣᠲᠠ᠎ᠶ᠋ᠢ ᠲᠤᠰᠠᠯᠠᠭᠤᠯᠬᠤ ᠪᠡᠷ ᠳᠤᠬᠢᠷᠠᠭᠤᠯᠵᠦ᠂ ᠱᠢᠯᠭᠠᠨ ᠪᠠᠢᠴᠠᠭᠠᠬᠤ ᠴᠢᠳᠠᠪᠤᠷᠢ᠎ᠶ᠋ᠢ᠎ᠨᠢ ᠬᠠᠮᠤᠭ᠎ᠤᠨ ᠶᠡᠬᠡ ᠬᠡᠮᠵᠢᠶ᠎ᠡ᠎ᠪᠡᠷ ᠳᠡᠭᠡᠭ᠌ᠰᠢᠯᠡᠭᠦᠯᠬᠦ ᠪᠤᠯᠤᠨ᠎ᠠ᠃ ᠡᠭᠦᠨ᠎ᠦ ᠬᠠᠮᠲᠤ ᠪᠥᠬᠥ᠌ ᠬᠦᠮᠦᠰ᠎ᠤᠨ ᠪᠥᠭᠡᠮ ᠬᠦᠴᠢᠯ᠎ᠤᠨ ᠪᠠᠢᠴᠠᠭᠠᠯᠳᠠ᠎ᠵᠢᠨ ᠮᠡᠳᠡᠭᠡ ᠵᠠᠩᠭᠢ᠎ᠶ᠋ᠢᠨ ᠱᠢᠰᠲ᠋ᠧᠮ᠎ᠢ ᠠᠱᠢᠭ᠍ᠯᠠᠨ᠂ ᠮᠡᠳᠡᠭᠡ ᠵᠠᠩᠭᠢ ᠣᠷᠣᠭᠤᠯᠬᠤ ᠪᠠ ᠪᠥᠭᠡᠮ ᠬᠦᠴᠢᠯ᠎ᠤᠨ ᠪᠠᠢᠴᠠᠭᠠᠯᠳᠠ᠎ᠵᠢᠨ 《ᠦᠯᠢᠭᠡᠷ ᠡᠳ᠋ ᠠᠪᠬᠤ᠂ ᠬᠦᠷᠭᠡᠬᠦ᠌ ᠂ ᠪᠠᠢᠴᠠᠭᠠᠬᠤ᠂ ᠮᠡᠳᠡᠭᠦᠯᠬᠦ᠌》 ᠎ᠶ᠋ᠢ ᠲᠦᠷᠭᠡᠨ ᠣᠨᠣᠪᠴᠢᠲᠠᠶ ᠪᠥᠭᠡᠳ ᠴᠠᠭ ᠲᠤᠬᠠᠶ᠎ᠳᠤᠨᠢ ᠬᠢᠨᠠᠨ ᠬᠡᠮᠵᠢᠬᠦ᠌᠎ᠶ᠋ᠢ ᠪᠠᠲᠤᠯᠠᠵᠤ᠂ ᠪᠥᠬᠥ᠌ ᠶᠠᠪᠤᠴᠠ᠎ᠶ᠋ᠢᠨ ᠬᠥᠳᠡᠯᠦᠩᠭᠦᠶ ᠬᠠᠮᠢᠶᠠᠷᠤᠯᠲᠠ ᠪᠠ ᠲᠣᠬᠢᠷᠠᠭᠤᠯᠤᠯᠲᠠ᠎ᠶ᠋ᠢ ᠪᠡᠶᠡᠯᠡᠭᠦᠯᠵᠦ᠍ ᠂ ᠰᠢᠯᠭᠠᠨ ᠪᠠᠢᠴᠠᠭᠠᠬᠤ ᠠᠬᠢᠴᠠ᠎ᠶ᠋ᠢ ᠦᠨᠡᠨ ᠬᠦ᠌ ᠪᠠᠲᠤᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面