ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-21 09:18:50

ᠵᠣᠬᠢᠶᠠᠭ᠍ᠴᠢ᠄ ᠤᠷᠭᠤᠮᠠᠯ ᠣᠩᠱᠢᠭ᠍ᠰᠠᠨ ᠣᠳᠠᠭ᠎ᠠ᠄ 3

2 ᠰᠠᠷ᠎ᠠ ᠵᠢᠨ 20᠎ᠤ ᠡᠳᠦᠷ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠮᠡᠳᠡᠭᠡ ᠨᠡᠢᠳᠡᠯᠡᠵᠦ᠂ 2 ᠰᠠᠷ᠎ᠠ᠎ᠶ᠋ᠢᠨ 19᠎ᠦ ᠡᠳᠦᠷ᠎ᠦᠨ 14 ᠴᠠᠭ᠎ᠠᠴᠠ 2 ᠰᠠᠷ᠎ᠠ᠎ᠶ᠋ᠢᠨ 20 ᠎ᠤ ᠡᠳᠦᠷ᠎ᠦᠨ 14 ᠴᠠᠭ ᠪᠣᠯᠲᠠᠯ᠎ᠠ ᠂ ᠬᠥᠬᠡᠬᠣᠲᠠ᠎ᠳᠦ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ 60 ᠨᠡᠮᠡᠭ᠌ᠳᠡᠵᠦ᠍᠂ ᠡᠭᠦᠨ᠎ᠳᠦ ᠱᠢᠨ᠎ᠡ ᠬᠣᠲᠠ ᠲᠣᠭᠣᠷᠢᠭ ᠲᠦ᠍ 11᠂ ᠬᠣᠲᠣᠩ ᠠᠷᠠᠳ᠎ᠤᠨ ᠲᠣᠭᠣᠷᠢᠭ ᠲᠦ᠍ 6᠂ ᠢᠦᠢᠴᠢᠤᠸᠠᠨ ᠲᠣᠭᠣᠷᠢᠭ ᠲᠦ᠍ 7 ᠂ ᠰᠠᠢᠬᠠᠨ ᠲᠣᠭᠣᠷᠢᠭ ᠲᠦ᠍ 19 ᠂ ᠲᠦᠮᠡᠳ ᠵᠡᠭᠦᠨ ᠬᠣᠱᠢᠭᠤᠨ᠎ᠳᠦ 15᠂ ᠦᠴᠦᠸᠠᠨ ᠱᠢᠶᠠᠨ᠎ᠳᠦ 2 ᠪᠤᠢ᠃

ᠱᠢᠨ᠎ᠡ᠎ᠪᠡᠷ ᠨᠡᠮᠡᠭ᠌ᠳᠡᠭ᠌ᠰᠡᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠶ᠋ᠢᠨ ᠣᠯᠠᠩᠬᠢ᠎ᠶ᠋ᠢ ᠨᠢ ᠲᠤᠰᠠᠭᠠᠷᠯᠠᠨ ᠬᠠᠮᠢᠶᠠᠷᠴᠤ᠌ ᠡᠵᠡᠮᠳᠡᠵᠦ ᠪᠠᠢᠭ᠎ᠠ ᠬᠦᠮᠦᠰ᠎ᠤᠨ ᠪᠥᠭᠡᠮ ᠬᠦᠴᠢᠯ᠎ᠦᠨ ᠪᠠᠢᠴᠠᠭᠠᠯᠲᠠ᠎ᠳᠦ ᠢᠯᠡᠷᠡᠬᠦᠯᠵᠠᠢ᠃ ᠡᠭᠦᠨ᠎ᠦ ᠬᠠᠮᠲᠤ᠂ ᠨᠡᠢᠭᠡᠮ᠎ᠦᠨ ᠲᠠᠯ᠎ᠠ᠎ᠠᠴᠠ ᠢᠯᠡᠷᠡᠭᠦᠯᠦᠭ᠌ᠰᠡᠨ ᠠᠷᠭ᠎ᠠ ᠴᠢᠨᠠᠷ ᠲᠠᠢ ᠡᠪᠡᠳᠴᠢᠨ᠎ᠦ ᠵᠢᠱ᠌ᠢᠶ᠎ᠡ᠎ᠶ᠋ᠢᠨ ᠲᠣᠭ᠎ᠠ ᠠᠭᠠᠵᠢᠮ᠎ᠢᠶᠠᠷ ᠪᠠᠭᠤᠷᠠᠵᠤ ᠪᠠᠢᠨ᠎ᠠ᠃ 2 ᠰᠠᠷ᠎ᠠ᠎ᠶ᠋ᠢᠨ 19 ᠎ᠦ ᠡᠳᠦᠷ᠎ᠦᠨ 0 ᠴᠠᠭ᠎ᠠᠴᠠ 24 ᠴᠠᠭ ᠪᠣᠯᠲᠠᠯ᠎ᠠ᠂ ᠬᠦᠬᠡᠬᠣᠲᠠ᠎ᠳᠤ ᠣᠨᠣᠱᠢᠯᠠᠭ᠍ᠳᠠᠭ᠍ᠰᠠᠨ ᠡᠪᠡᠳᠴᠢᠨ᠎ᠤ᠋ ᠵᠢᠱ᠌ᠢᠶ᠎ᠡ 63 ᠨᠡᠮᠡᠭ᠌ᠳᠡᠵᠦ᠍᠂ ᠣᠯᠠᠩᠬᠢ᠎ᠵᠢ ᠨᠢ ᠲᠥᠪᠯᠡᠷᠡᠭᠦᠯᠦᠨ ᠲᠤᠰᠠᠭᠠᠷᠯᠠᠭ᠍ᠰᠠᠨ ᠪᠠᠭᠤᠳᠠᠯ ᠪᠠ ᠪᠢᠲᠡᠭᠦᠮᠵᠢᠯᠡᠨ ᠡᠵᠡᠮᠳᠡᠭ᠌ᠰᠡᠨ ᠲᠣᠭᠣᠷᠢᠭ᠂ ᠬᠠᠮᠢᠶᠠᠷᠤᠨ ᠡᠵᠡᠮᠳᠡᠭ᠌ᠰᠡᠨ ᠲᠣᠭᠣᠷᠢᠭ ᠎ᠲᠤ ᠢᠯᠡᠷᠡᠬᠦᠯᠪᠡ᠃ 2 ᠰᠠᠷ᠎ᠠ᠎ᠶ᠋ᠢᠨ 20 ᠎ᠤ ᠡᠳᠦᠷ᠎ᠦᠨ 14 ᠴᠠᠭ ᠪᠣᠯᠲᠠᠯ᠎ᠠ᠂ ᠲᠣᠰ ᠡᠭᠡᠯᠵᠢ᠎ᠶ᠋ᠢᠨ ᠬᠢᠵᠢᠭ᠎ᠲᠦ ᠬᠥᠬᠡᠬᠣᠲᠠ᠎ᠶ᠋ᠢᠨ᠎ᠬᠢᠨ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠶ᠋ᠢ ᠨᠡᠢᠲᠡ 146 ᠮᠡᠳᠡᠭᠦᠯᠪᠡ᠃ ᠣᠳᠣ᠂ ᠪᠦᠬᠦ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠢ᠎ᠡ᠎ᠶ᠋ᠢ ᠴᠥᠮ ᠥᠪᠥᠷ ᠮᠣᠩᠭᠣᠯ᠎ᠤᠨ ᠳᠥᠷᠪᠡᠳᠦᠭᠡᠷ ᠡᠮᠨᠡᠯᠭᠡ᠎ᠶ᠋ᠢᠨ ᠬᠣᠷᠢᠶᠠᠨ᠎ᠤ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠢ᠎ᠠ᠎ᠳᠤ ᠲᠤᠰᠠᠭᠠᠷᠯᠠᠨ ᠡᠮᠨᠡᠭᠦᠯᠵᠦ᠍᠂ ᠲᠤᠰᠭᠠᠢ ᠮᠡᠷᠭᠡᠵᠢᠯᠲᠡᠨ᠎ᠤ ᠬᠠᠮᠲᠤᠷᠠᠨ ᠣᠨᠣᠱᠢᠯᠠᠬᠤ᠎ᠪᠠᠷ ᠲᠠᠮᠵᠢᠨ᠂ 38 ᠡᠪᠡᠳᠴᠢᠨ᠎ᠦ ᠵᠢᠱ᠌ᠢᠢ᠎ᠡ ᠨᠢ ᠡᠩ᠎ᠦᠨ ᠬᠡᠯᠪᠡᠷᠢ᠎ᠶ᠋ᠢᠨ ᠪᠠᠢᠵᠦ᠂ 106 ᠡᠪᠡᠳᠴᠢᠨ᠎ᠦ ᠵᠢᠱ᠌ᠢᠢ᠎ᠡ ᠨᠢ ᠬᠦᠨᠭ᠌ᠭᠡᠨ ᠬᠡᠯᠪᠡᠷᠢ᠎ᠶ᠋ᠢᠨ ᠪᠠᠢᠵᠦ᠂ 2 ᠡᠪᠡᠳᠴᠢᠨ᠎ᠤ ᠵᠢᠱ᠌ᠢᠢ᠎ᠡ ᠨᠢ ᠬᠦᠨᠳᠦ ᠬᠡᠯᠪᠡᠷᠢ᠎ᠵᠢᠨ ᠪᠣᠯᠤᠨ᠎ᠠ᠃

ᠣᠳᠣᠬᠠᠨ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ᠎ᠬᠢᠨ ᠬᠥᠬᠡᠬᠣᠲᠠ᠎ᠳᠤ ᠠᠵᠢᠯᠯᠠᠬᠤ ᠳᠤᠭᠤᠢᠯᠠᠩ ᠲᠣᠮᠢᠯᠠᠨ ᠢᠷᠡᠬᠦᠯᠵᠦ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠵᠢᠭᠠᠨ ᠵᠢᠯᠣᠭᠤᠳᠴᠦ᠂ ᠤᠯᠤᠰ᠎ᠤᠨ ᠲᠠᠰ᠎ᠤᠨ ᠡᠮᠴᠢᠯᠡᠭᠡᠨ᠎ᠦ ᠠᠪᠤᠷᠠᠨ ᠵᠠᠰᠠᠬᠤ ᠲᠤᠰᠭᠠᠶ ᠮᠡᠷᠭᠡᠵᠢᠯᠲᠡᠨ ᠴᠦ᠍ ᠠᠵᠢᠯᠯᠠᠬᠤ ᠳᠤᠭᠤᠢᠯᠠᠩ ᠲᠠᠢ ᠬᠠᠮᠳᠦ ᠬᠥᠬᠡᠬᠣᠲᠠ᠎ᠶ᠋ᠢᠨ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠲᠤᠰᠭᠠᠶ ᠮᠡᠷᠭᠡᠵᠢᠯᠲᠡᠨ᠎ᠲᠡᠶ ᠬᠠᠮᠲᠤ ᠡᠮᠴᠢᠯᠡᠭᠡᠨ᠎ᠦ ᠠᠪᠤᠷᠠᠨ ᠵᠠᠰᠠᠬᠤ ᠠᠵᠢᠯ ᠥᠷᠨᠢᠭᠦᠯᠵᠦ᠍᠂ ᠡᠯ᠎ᠡ ᠲᠦᠷᠦᠯ᠎ᠦᠨ ᠰᠡᠷᠭᠡᠢᠯᠡᠨ ᠡᠵᠡᠮᠳᠡᠬᠦ᠌ ᠪᠠ ᠡᠮᠴᠢᠯᠡᠭᠡᠨ᠎ᠦ ᠠᠪᠤᠷᠠᠨ ᠵᠠᠰᠠᠬᠤ ᠠᠵᠢᠯ ᠶᠠᠭ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面