ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-21 17:18:31

ᠵᠣᠬᠢᠶᠠᠭ᠍ᠴᠢ᠄ ᠱᠢᠨᠡᠴᠡᠴᠡᠭ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠥᠪ᠎ᠡᠴᠡ ᠣᠢᠯᠠᠭᠠᠭ᠍ᠰᠠᠨ᠎ᠢᠶᠠᠷ᠂ ᠣᠯᠠᠨ ᠲᠦᠮᠡᠨ᠎ᠦ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠦᠨᠡᠨ ᠬᠦ᠌ ᠪᠠᠲᠤᠯᠠᠵᠤ᠂ ᠬᠥᠮᠦᠨ ᠬᠠᠷ᠎ᠠ ᠬᠤᠷᠠᠨ ᠴᠤᠭ᠍ᠯᠠᠷᠠᠵᠣ ᠰᠣᠯᠪᠢᠴᠠᠨ ᠬᠠᠯᠳᠠᠪᠤᠷᠢᠯᠠᠬᠤ᠎ᠠᠴᠠ ᠵᠠᠢᠯᠠᠰᠭᠢᠬᠦ᠌᠎ᠶ᠋ᠢᠨ ᠲᠥᠯᠥᠭᠡ᠂ ᠬᠣᠯᠪᠣᠭ᠍ᠳᠠᠯ ᠪᠥᠬᠥᠶ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠥᠪ᠎ᠦᠨ ᠤᠮᠪᠠᠯᠲᠠ᠎ᠶ᠋ᠢᠨ ᠤᠰᠤᠨ ᠬᠠᠷᠠᠢᠯᠲᠠ᠎ᠶ᠋ᠢᠨ ᠣᠷᠳᠣᠨ᠂ ᠶᠡᠷᠦᠩᠬᠡᠢᠯᠡᠭ᠌ᠰᠡᠨ ᠪᠡᠶ᠎ᠡ ᠶ᠋ᠢᠨ ᠲᠠᠮᠢᠷ᠎ᠤᠨ ᠣᠷᠳᠣᠨ᠂ ᠪᠡᠶ᠎ᠡ᠎ᠶ᠋ᠢᠨ ᠲᠠᠮᠢᠷ᠎ᠤᠨ ᠲᠠᠯᠠᠪᠠᠶ᠂ ᠵᠠᠳᠠᠭᠠᠶ ᠲᠤᠤᠷ ᠪᠥᠮᠪᠥᠭᠡ᠎ᠶ᠋ᠢᠨ ᠣᠷᠳᠣᠨ᠂ ᠲᠠᠮᠢᠷᠴᠢᠳ᠎ᠤᠨ ᠨᠡᠢᠲᠡ᠎ᠶ᠋ᠢᠨ ᠪᠠᠢᠷᠢ ᠵᠡᠷᠭᠡ 2 ᠰᠠᠷ᠎ᠠ ᠵᠢᠨ 20᠎ᠤ ᠡᠳᠦᠷ ᠎ᠡᠴᠡ ᠡᠬᠢᠯᠡᠨ ᠡᠭᠦᠳᠡ ᠎ᠪᠡᠨ ᠬᠠᠭᠠᠵᠤ᠂ ᠭᠠᠳᠠᠭ᠍ᠰᠢ ᠨᠡᠭᠡᠭᠡᠯᠲᠡ ᠵᠢ ᠲᠦᠷ ᠵᠣᠭ᠍ᠰᠣᠭᠠᠪᠠ᠃

ᠤᠮᠪᠠᠯᠲᠠ᠎ᠶ᠋ᠢᠨ ᠭᠡᠱᠢᠭᠦᠨ᠎ᠦ ᠺᠠᠷᠲ᠎ᠤᠨ ᠬᠦᠴᠦᠨ᠎ᠲᠡᠶ ᠬᠤᠭᠤᠴᠠᠭ᠎ᠠ᠎ᠶ᠋ᠢ ᠡᠭᠦᠳᠡ᠎ᠪᠡᠨ ᠬᠠᠭᠠᠬᠤ ᠴᠠᠭ ᠎ᠢ ᠦᠨᠳᠦᠰᠦᠯᠡᠨ ᠠᠶᠠᠨᠳᠠᠭᠠᠨ ᠤᠷᠲᠤᠳᠭᠠᠵᠤ᠂ ᠪᠣᠳᠠᠲᠠᠶ ᠨᠡᠭᠡᠭᠡᠬᠦ᠌ ᠴᠠᠭ ᠎ᠢ ᠠᠰᠲᠠᠭᠠᠨ ᠮᠡᠳᠡᠭ᠌ᠳᠡᠨ᠎ᠡ᠃

ᠢᠷᠡᠯᠲᠡ᠄ ᠲᠠᠯ᠎ᠠ ᠨᠤᠲᠤᠭ᠎ᠤᠨ ᠡᠭᠦᠯᠡ ᠱᠢᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面