2022-02-21 17:01:03
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠥᠮᠦᠨ ᠪᠦᠬᠦᠨ ᠬᠠᠷᠢᠭᠤᠴᠠᠯᠭ᠎ᠠ ᠲᠠᠶ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠥᠪᠴᠢ᠎ᠶ᠋ᠢ ᠴᠠᠭ ᠢᠮᠠᠭ᠍ᠲᠠ ᠴᠢᠩᠭᠠᠯᠠᠵᠤ᠂ ᠠᠯᠮᠠᠢᠷᠠᠨ ᠴᠠᠯᠠᠭᠠᠢᠷᠠᠬᠤ ᠦᠭᠡᠢ᠂ ᠬᠦᠩᠬᠡᠨ ᠬᠠᠭᠤᠲᠠᠮ ᠬᠠᠨᠲᠤᠬᠤ ᠦᠬᠡᠢ᠃
ᠨᠢᠭᠡᠳᠦᠭᠡᠷ᠎ᠲᠦ᠄ ᠮᠢᠨᠴᠦᠭᠦᠷᠡᠬᠦ᠌ ᠦᠭᠡᠢ᠂ ᠬᠠᠢᠩᠭᠤ ᠬᠠᠨᠲᠤᠬᠤ ᠦᠬᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠠᠯ᠎ᠠ᠎ᠪᠠᠷ᠂ ᠥᠴᠦᠬᠡᠨ ᠲᠡᠳᠦᠢ ᠣᠮᠲᠣᠭᠠᠢᠯᠠᠪᠠᠯ ᠬᠢᠯᠪᠠᠷ ᠪᠤᠰᠤ᠎ᠪᠠᠷ ᠣᠯᠤᠭ᠍ᠰᠠᠨ ᠬᠢᠵᠢᠭ᠎ᠲᠡᠶ ᠲᠡᠮᠡᠴᠡᠭ᠌ᠰᠡᠨ ᠦᠷ᠎ᠡ ᠪᠦᠲᠦᠭᠡᠯ᠎ᠢᠶᠡᠨ ᠦᠭᠡᠢᠬᠢᠵᠦ᠍ ᠮᠡᠳᠡᠨ᠎ᠡ᠃
ᠬᠣᠶᠠᠳᠤᠭᠠᠷ᠎ᠲᠤ᠄ ᠠᠮᠠᠪᠴᠢ ᠵᠡᠭᠦᠬᠦ᠌᠎ᠵᠢ ᠪᠠᠷᠢᠮᠲᠠᠯᠠᠨ᠎ᠠ᠃ ᠱᠢᠨᠵᠢᠯᠡᠬᠦ᠌ ᠤᠬᠠᠭᠠᠨᠴᠢ᠎ᠪᠠᠷ ᠠᠮᠠᠪᠴᠢ ᠵᠡᠭᠦᠬᠦ᠌᠂ ᠢᠯᠠᠩᠭᠤᠶ᠎ᠠ ᠣᠯᠠᠨ ᠨᠡᠢᠲᠡ᠎ᠶ᠋ᠢᠨ ᠲᠠᠯᠠᠪᠤᠷ᠂ ᠪᠢᠲᠡᠭᠦᠮᠵᠢᠯᠡᠭ᠌ᠰᠡᠨ ᠣᠷᠣᠨ ᠵᠠᠶ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ᠎ᠳᠤ ᠰᠠᠭᠤᠬᠤ᠎ᠳᠠᠭᠠᠨ ᠡᠷᠬᠡᠪᠰᠢ ᠠᠮᠠᠪᠴᠢ᠎ᠶ᠋ᠢ ᠵᠥᠪ ᠵᠡᠭᠦᠬᠦ᠌ ᠬᠡᠷᠡᠭ᠌ᠲᠡᠶ᠃
ᠭᠤᠷᠪᠠᠳᠤᠭᠠᠷ᠎ᠲᠤ᠄ ᠨᠠᠢᠲᠠᠭᠠᠬᠤ ᠳ᠋ᠠᠭᠠᠨ ᠬᠢᠴᠢᠶᠡᠨ᠎ᠡ᠃ ᠬᠠᠨᠢᠶᠠᠬᠤ᠂ ᠨᠠᠢᠲᠠᠭᠠᠬᠤ ᠦᠶᠡᠰ ᠵᠠᠪᠠᠯ ᠴᠠᠭᠠᠰᠤ᠂ ᠭᠠᠷ ᠠᠯᠴᠢᠭᠤᠷ᠂ ᠭᠠᠷᠪᠠᠷᠢᠶᠡᠨ ᠠᠮᠠ ᠬᠠᠮᠠᠷ᠎ᠢᠶᠠᠨ ᠪᠥᠭ᠌ᠯᠡᠬᠦ᠌ ᠬᠡᠷᠡᠭ᠌ᠲᠡᠶ᠃
ᠳᠥᠷᠪᠡᠳᠦᠭᠡᠷ᠎ᠲᠦ᠄ ᠭᠠᠷ᠎ᠢᠶᠠᠨ ᠦᠷᠭᠦᠯᠵᠢ ᠤᠬᠢᠶᠠᠵᠤ᠂ ᠠᠷᠢᠭᠤᠨ ᠴᠡᠪᠡᠷ᠎ᠢ ᠡᠷᠬᠢᠮᠯᠡᠨ᠎ᠡ᠃ ᠬᠣᠭᠣᠯᠠᠨ᠎ᠤ ᠡᠮᠦᠨ᠎ᠡ ᠪᠡᠶ᠎ᠡ ᠴᠡᠪᠡᠷᠯᠡᠭᠰᠡᠨ᠎ᠤ ᠳᠠᠷᠠᠭ᠎ᠠ᠂ ᠭᠠᠳᠠᠨᠠᠬᠢ ᠶᠠᠭᠤᠮ᠎ᠠ᠎ᠲᠠᠶ ᠬᠦᠷᠦᠯᠴᠡᠭ᠌ᠰᠡᠨᠦ ᠳᠠᠷᠠᠭ᠎ᠠ᠂ ᠠᠮᠠ ᠬᠠᠮᠠᠷ᠎ᠲᠠᠶ ᠪᠠᠨ ᠬᠦᠷᠦᠯᠴᠡᠬᠦ᠌᠎ᠡᠴᠡ ᠡᠮᠦᠨ᠎ᠡ ᠵᠠᠪᠠᠯ ᠬᠣᠶᠠᠷ ᠭᠠᠷ᠎ᠢᠶᠠᠨ ᠨᠠᠷᠢᠨ ᠬᠢᠨᠠᠮᠠᠭᠠᠶ ᠤᠬᠢᠶᠠᠵᠤ᠂ ᠳᠣᠯᠣᠭᠠᠨ ᠠᠯᠬᠤᠮ᠎ᠢᠶᠠᠷ ᠭᠠᠷ ᠤᠬᠢᠶᠠᠬᠤ᠎ᠵᠢ ᠵᠢᠷᠤᠮᠯᠡᠨ᠎ᠡ᠃
ᠲᠠᠪᠤᠳᠤᠭᠠᠷ᠎ᠲᠤ᠄ ᠦᠷᠭᠦᠯᠵᠢ ᠰᠠᠯᠬᠢ ᠨᠡᠪᠲᠡᠷᠡᠭᠦᠯᠦᠨ᠎ᠡ᠃ ᠡᠳᠦᠷ ᠪᠦᠷᠢ ᠴᠣᠩᠬᠣ ᠪᠠᠨ 2—3 ᠤᠳᠠᠭ᠎ᠠ ᠨᠡᠭᠡᠭᠡᠵᠦ᠍᠂ ᠤᠳᠠᠭ᠎ᠠ ᠪᠦᠷᠢ 20 — 30 ᠮᠢᠨᠦ᠋ᠲ ᠨᠡᠬᠡᠬᠡᠨ᠎ᠡ᠃ ᠣᠨᠴᠠᠭᠠᠢᠯᠠᠨ ᠨᠢᠭ᠍ᠲᠠ ᠪᠢᠲᠡᠭᠦᠮᠵᠢᠯᠡᠭ᠌ᠰᠡᠨ ᠠᠭᠠᠷ ᠲᠣᠬᠢᠷᠠᠭᠤᠯᠤᠭ᠍ᠴᠢ᠎ᠶ᠋ᠢᠨ ᠥᠷᠥᠭᠡ ᠨᠢ ᠵᠠᠪᠠᠯ ᠲᠣᠭ᠍ᠲᠠᠭ᠍ᠰᠠᠨ ᠬᠤᠭᠤᠴᠠᠭ᠎ᠠ᠎ᠲᠠᠶ ᠴᠣᠩᠬᠣ᠎ᠪᠠᠨ ᠨᠡᠭᠡᠭᠡᠵᠦ᠍ ᠰᠠᠯᠬᠢ ᠨᠡᠪᠲᠡᠷᠡᠭᠦᠯᠬᠦ᠌ ᠬᠡᠷᠡᠭ᠌ᠲᠡᠢ᠃
ᠵᠢᠷᠭᠤᠳᠤᠭᠠᠷ᠎ᠲᠤ᠄ ᠨᠢᠭᠡ ᠮᠧᠲ᠋ᠷ᠎ᠦᠨ ᠵᠠᠶ᠎ᠵᠢ ᠪᠠᠲᠤᠯᠠᠨ᠎ᠠ᠃ ᠨᠢᠭᠡ ᠮᠧᠲ᠋ᠷ᠎ᠤᠨ ᠱᠤᠭᠤᠮ᠎ᠢ ᠪᠠᠲᠤ ᠰᠠᠬᠢᠵᠤ᠂ ᠭᠠᠳᠠᠭ᠍ᠰᠢ ᠭᠠᠷᠬᠤ᠎ᠳᠤ ᠱᠢᠬᠠᠯᠳᠤᠬᠤ ᠦᠭᠡᠢ᠂ ᠠᠮᠤᠷ ᠲᠦᠪᠱᠢᠨ ᠵᠠᠢ᠎ᠪᠠᠨ ᠪᠠᠲᠤᠯᠠᠬᠤ ᠨᠢ ᠦᠪᠡᠷ᠎ᠤᠨ ᠪᠡᠶ᠎ᠡ ᠦᠷᠦᠬᠡᠯ ᠪᠤᠰᠤᠳ᠎ᠲᠤ ᠪᠦᠷ ᠠᠱᠢᠭ᠍ᠲᠠᠢ ᠶᠤᠮ᠃
ᠳᠣᠯᠣᠳᠤᠭᠠᠷ ᠲᠤ᠌᠄ ᠳᠤᠲᠠᠭᠤ ᠭᠠᠳᠠᠭ᠍ᠰᠢ ᠭᠠᠷᠴᠤ᠌᠂ ᠴᠤᠭ᠍ᠯᠠᠷᠠᠬᠤ ᠦᠭᠡᠢ᠃ ᠬᠥᠮᠦᠨ ᠣᠯᠠᠨ ᠲᠠᠯᠠᠪᠤᠷ᠎ᠲᠤ ᠪᠢᠲᠡᠭᠡᠶ ᠣᠴᠢ᠂ ᠱᠢᠬᠠᠯᠳᠤᠭ᠍ᠰᠠᠨ ᠲᠠᠯᠠᠪᠤᠷ᠎ᠠᠴᠠ ᠵᠠᠢᠯᠠᠭᠠᠷᠠᠢ᠃
ᠨᠠᠶ᠋ᠮᠠᠳᠤᠭᠠᠷ ᠲᠤ᠌᠄ ᠸᠠᠺᠼᠢᠨ᠎ᠤ ᠲᠠᠷᠢᠯᠭ᠎ᠠ ᠨᠢ ᠮᠠᠰᠢ ᠴᠢᠬᠤᠯᠠ᠃ ᠱᠢᠨ᠎ᠡ ᠲᠢᠲᠢᠮᠯᠢᠭ ᠸᠢᠷᠦ᠋ᠰ᠎ᠢ ᠰᠡᠷᠭᠡᠢᠯᠡᠨ ᠡᠵᠡᠮᠳᠡᠬᠦ᠌ ᠳ᠋ᠤ ᠸᠠᠺᠼᠢᠨ ᠲᠠᠷᠢᠬᠤ ᠪᠠ ᠬᠤᠪᠢ ᠬᠥᠮᠦᠨ᠎ᠦ ᠬᠠᠮᠠᠭᠠᠯᠠᠯᠲᠠ᠎ᠨᠢ ᠲᠤᠲᠠᠬᠳᠠᠵᠦ ᠪᠤᠯᠤᠰᠢ ᠦᠬᠡᠢ᠃
ᠶᠢᠰᠦᠳᠦᠬᠡᠷ ᠲᠤ᠌᠄ ᠱᠢᠨᠵᠢᠯᠡᠬᠦ᠌ ᠤᠬᠠᠭᠠᠨ᠎ᠢ ᠡᠷᠬᠢᠮᠯᠡᠵᠦ᠍᠂ ᠡᠭᠡᠯᠢᠯᠡᠭᠡ᠎ᠶ᠋ᠢ ᠴᠢᠩᠭᠠᠳᠭᠠᠨ᠎ᠠ᠃ ᠢᠳᠡᠭᠡᠨ ᠤᠮᠳᠠᠭᠠᠨ᠎ᠤ ᠱᠢᠮ᠎ᠡ ᠲᠡᠵᠢᠭᠡᠯ᠎ᠢ ᠲᠡᠩᠴᠡᠭᠦᠷᠢᠲᠡᠶ ᠪᠠᠢᠯᠭᠠᠵᠤ᠂ ᠵᠣᠬᠢᠬᠤ ᠬᠡᠮᠵᠢᠶᠡᠨ᠎ᠦ ᠬᠥᠳᠡᠯᠭᠡᠭᠡᠨ ᠬᠢᠵᠦ᠍ ᠪᠣᠯᠪᠠᠰᠤᠷᠠᠨ᠂ ᠵᠢᠮ᠎ᠡ ᠶᠣᠰᠣᠲᠠᠶ ᠠᠵᠢᠯᠯᠠᠵᠤ ᠠᠮᠠᠷᠠᠬᠤ᠎ᠶ᠋ᠢ ᠪᠠᠷᠢᠮᠲᠠᠯᠠᠵᠤ᠂ ᠰᠠᠢᠨ ᠰᠠᠢᠬᠠᠨ ᠰᠡᠳᠭᠢᠴᠡ᠎ᠶ᠋ᠢᠨ ᠪᠠᠢᠳᠠᠯ᠎ᠢᠶᠠᠨ ᠪᠠᠲᠤᠯᠠᠬᠤ ᠨᠢ ᠬᠥᠮᠦᠨ᠎ᠦ ᠪᠡᠶ᠎ᠡ᠎ᠶ᠋ᠢᠨ ᠡᠭᠡᠯᠢᠯᠡᠭᠡ᠎ᠶ᠋ᠢᠨ ᠴᠢᠳᠠᠪᠤᠷᠢ᠎ᠶ᠋ᠢ ᠪᠦᠲᠦᠮᠵᠢᠲᠡᠶ ᠨᠡᠮᠡᠭ᠌ᠳᠡᠭᠦᠯᠵᠦ᠍ ᠴᠢᠳᠠᠨ᠎ᠠ᠃
ᠢᠷᠡᠯᠲᠡ᠄ ᠤᠮᠠᠷᠠᠲᠦ᠎ᠵᠢᠨ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃