ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-21 09:35:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ᠎ᠵᠢᠨ 20᠎ᠤ ᠡᠳᠦᠷ᠎ᠤᠨ ᠶᠠᠪᠤᠭᠳᠠᠭᠰᠠᠨ ᠬᠦᠬᠡᠬᠤᠳᠠ᠎ᠵᠢᠨ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ᠎ᠤᠨ ᠰᠢᠨ᠎ᠠ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠷᠭᠤᠳᠤᠭᠠᠷ ᠳᠠᠯᠠᠪᠠᠢ ᠰᠤᠨᠢᠨ ᠮᠡᠳᠡᠭᠡ ᠨᠡᠢᠳᠡᠯᠡᠬᠦ ᠬᠤᠷᠠᠯ ᠳᠡᠭᠡᠷ᠎ᠠ ᠬᠦᠬᠡᠬᠤᠳᠠ᠎ᠵᠢᠨ ᠬᠢᠵᠢᠭ᠎ᠢ ᠰᠡᠷᠭᠡᠢᠯᠡᠨ ᠡᠵᠡᠮᠳᠡᠵᠦ ᠪᠠᠢᠭ᠎ᠠ ᠠᠵᠢᠯ᠎ᠤᠨ ᠬᠠᠮᠢᠶ᠎ᠠ ᠪᠦᠬᠦᠢ ᠪᠠᠢᠳᠠᠯ᠎ᠢ ᠲᠠᠨᠢᠯᠴᠠᠭᠤᠯᠪᠠ᠃

ᠡᠬᠦᠨ᠎ᠳᠦ᠄

·ᠨᠡᠢᠬᠡᠮ ᠳᠡᠭᠡᠷᠡᠬᠢ ᠠᠷᠭ᠎ᠠ ᠴᠢᠨᠠᠷ ᠢᠯᠡᠷᠡᠭᠰᠡᠨ ᠡᠪᠡᠳᠴᠢᠨ᠎ᠦ ᠵᠢᠱ᠌ᠢᠶ᠎ᠡ ᠠᠯᠭᠤᠷ ᠶ᠋ᠢᠡᠷ ᠪᠠᠭᠠᠰᠴᠤ ᠪᠠᠢᠨ᠎ᠠ᠃ ᠰᠢᠨ᠎ᠠ ᠪᠡᠷ ᠨᠡᠮᠡᠭᠳᠡᠭᠰᠡᠨ ᠡᠪᠡᠳᠴᠢᠨ᠎ᠦ ᠵᠢᠱ᠌ᠢᠶ᠎ᠡ᠎ᠵᠢᠨ ᠤᠯᠠᠩᠬᠢ ᠨᠢ ᠳᠤᠰᠠᠭᠠᠷᠯᠠᠨ ᠬᠠᠮᠢᠶᠠᠷᠴᠤ ᠪᠠᠢᠭ᠎ᠠ ᠬᠦᠮᠦᠰ᠎ᠲᠦ ᠪᠦᠭᠡᠮ ᠬᠦᠴᠢᠯ᠎ᠤᠨ ᠪᠠᠢᠴᠠᠭᠠᠯᠳᠠ ᠬᠢᠭᠡᠳ ᠢᠯᠡᠷᠡᠬᠦᠯᠦᠭᠰᠡᠨ ᠡᠪᠡᠳᠴᠢᠨ᠎ᠦ ᠵᠢᠱ᠌ᠢᠶ᠎ᠡ ᠪᠠᠢᠵᠦ᠂ ᠨᠡᠢᠬᠡᠮ ᠳᠡᠭᠡᠷᠡᠬᠢ ᠬᠦᠮᠦᠰ᠎ᠲᠦ ᠪᠠᠢᠴᠠᠭᠠᠯᠳᠠ ᠬᠢᠬᠡᠳ ᠠᠷᠭ᠎ᠠ ᠴᠢᠨᠠᠷ ᠢᠯᠡᠷᠡᠭᠰᠡᠨ ᠡᠪᠡᠳᠴᠢᠨ᠎ᠦ ᠵᠢᠱ᠌ᠢᠶ᠎ᠡ ᠠᠯᠭᠤᠷ ᠶ᠋ᠢᠡᠷ ᠪᠠᠭᠠᠰᠴᠤ ᠪᠠᠢᠬᠤ ᠬᠠᠨᠳᠤᠰᠢ ᠲᠠᠢ᠃

·ᠳᠦᠷᠦ᠎ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠳᠤᠭᠳᠠᠴᠠ᠎ᠵᠢᠨ ᠬᠢᠨ ᠠᠵᠢᠯᠯᠠᠬᠤ ᠳᠤᠭᠤᠢᠯᠠᠩ ᠳᠤᠮᠢᠯᠠᠵᠦ ᠬᠦᠬᠡᠬᠤᠳᠠ᠎ᠵᠢᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠢ ᠵᠢᠯᠤᠭᠤᠳᠴᠤ᠂ ᠤᠯᠤᠰ᠎ᠤᠨ ᠳᠡᠰ᠎ᠤᠨ ᠡᠮᠴᠢᠯᠡᠬᠡᠨ᠎ᠤ ᠳᠤᠰᠬᠠᠢ ᠮᠡᠷᠭᠡᠵᠢᠯᠳᠡᠳ ᠳᠤᠭᠳᠠᠭᠰᠠᠨ ᠡᠮᠨᠡᠯᠬᠡ᠎ᠵᠢᠨ ᠬᠤᠷᠢᠶᠠᠨ᠎ᠳᠦ ᠠᠪᠤᠷᠠᠨ ᠳᠤᠰᠠᠯᠠᠬᠤ ᠠᠵᠢᠯ ᠦᠷᠨᠢᠬᠦᠯᠵᠦ ᠪᠠᠢᠨ᠎ᠠ᠃

·ᠤᠳᠤᠬᠠᠨ᠎ᠳᠦ ᠳᠤᠳᠤᠯᠠᠭᠰᠠᠨ ᠡᠪᠡᠳᠴᠢᠨ᠎ᠦ ᠵᠢᠱ᠌ᠢᠶ᠎ᠡ᠎ᠶᠢ ᠪᠦᠬᠦᠨ᠎ᠢ ᠦᠪᠡᠷᠳᠡᠭᠡᠨ ᠵᠠᠰᠠᠬᠤ ᠤᠷᠤᠨ᠎ᠤ ᠳᠦᠷᠪᠡᠳᠦᠬᠡᠷ ᠡᠮᠨᠡᠯᠬᠡ᠎ᠵᠢᠨ ᠬᠤᠷᠢᠶ᠎ᠠ᠎ᠳᠦ ᠳᠤᠰᠠᠭᠠᠷᠯᠠᠨ ᠡᠮᠴᠢᠯᠡᠵᠦ᠂ ᠡᠬᠦᠨ᠎ᠳᠦ 38 ᠨᠢ ᠡᠩ᠎ᠤᠨ ᠬᠡᠯᠪᠡᠷᠢ᠎ᠵᠢᠨ ᠡᠪᠡᠳᠴᠢᠳᠡᠨ᠂ 106 ᠨᠢ ᠬᠦᠩᠬᠡᠨ ᠬᠡᠯᠪᠡᠷᠢ᠎ᠵᠢᠨ᠂ 2 ᠨᠢ ᠬᠦᠨᠳᠦ ᠡᠪᠡᠳᠴᠢᠳᠡᠨ ᠪᠠᠢᠯ᠎ᠠ᠃

·2 ᠰᠠᠷ᠎ᠠ᠎ᠵᠢᠨ 21᠎ᠤ 9 ᠴᠠᠭ ᠡᠴᠡ 2 ᠰᠠᠷ᠎ᠠ ᠎ᠵᠢᠨ 22᠎ᠤᠨ 9 ᠴᠠᠭ ᠪᠤᠯᠳᠠᠯ᠎ᠠ ᠬᠦᠬᠡᠬᠤᠳᠠ ᠨᠢ ᠭᠤᠷᠪᠠᠳᠤᠭᠠᠷ ᠡᠬᠡᠯᠵᠢ᠎ᠵᠢᠨ ᠪᠦᠬᠡᠮ ᠬᠦᠴᠢᠯ᠎ᠤᠨ ᠪᠠᠢᠴᠠᠭᠠᠯᠳᠠ ᠪᠡᠨ ᠡᠬᠢᠯᠡᠬᠦᠯᠵᠦ᠂ ᠦᠯᠢᠬᠡᠷ ᠬᠡᠪ ᠠᠪᠬᠤ ᠴᠠᠭ ᠨᠢ 2 ᠰᠠᠷ᠎ᠠ᠎ᠵᠢᠨ 21᠎ᠤ 15 ᠴᠠᠭ ᠬᠦᠷᠳᠡᠯ᠎ᠠ ᠶᠠᠪᠤᠭᠳᠠᠵᠦ᠂ 2 ᠰᠠᠷ᠎ᠠ ᠎ᠵᠢᠨ 22᠎ᠤᠨ 9 ᠴᠠᠭ ᠡᠴᠡ ᠡᠮᠦᠨ᠎ᠠ ᠪᠠᠢᠴᠠᠭᠠᠭᠰᠠᠨ ᠳ᠋ᠦᠩ᠎ᠢ ᠭᠠᠷᠭᠠᠨ᠎ᠠ ᠬᠡᠵᠡᠢ᠃

ᠢᠷᠡᠯᠳᠡ᠄ ᠤᠮᠠᠷᠠᠳᠤ᠎ᠵᠢᠨ ᠰᠦᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面