2022-02-22 10:45:06
2 ᠰᠠᠷ᠎ᠠ ᠵᠢᠨ 21ᠤ ᠡᠳᠦᠷ᠂ ᠪᠤᠭᠤᠲᠤ ᠬᠤᠳᠠ ᠵᠢᠨ ᠱᠢᠨᠠ ᠲᠢᠳᠢᠮᠯᠢᠭ᠌ ᠸᠢᠷᠦ᠋ᠰ ᠡᠴᠡ ᠬᠠᠯᠳᠠᠪᠤᠷᠢᠯᠠᠬ᠍ᠰᠠᠨ ᠠᠭᠤᠰᠭᠢᠨ ᠦᠷᠪᠢᠰᠤᠯ ᠢ ᠰᠡᠷᠭᠡᠢ᠌ᠯᠡᠨ ᠡᠵᠡᠮᠳᠡᠬᠦ᠌ ᠠᠵᠢᠯᠤᠨ ᠵᠢᠯᠤᠭᠤᠳᠭᠤ ᠭᠠᠵᠠᠷ ᠠᠯᠪᠠᠨ ᠵᠠᠷᠯᠠᠯ ᠨᠠᠢ᠌ᠳᠡᠯᠡᠵᠦ᠍᠂ ᠪᠤᠭᠤᠳᠤ ᠬᠤᠳᠠ ᠵᠢᠨ ᠬᠡᠰᠡᠭ ᠭᠠᠵᠠᠷ ᠤᠷᠤᠨ ᠤ ᠬᠢᠵᠢᠭ ᠤᠨ ᠪᠠᠢ᠌ᠳᠠᠯ ᠤᠨ ᠠᠶᠤᠯ ᠲᠦᠭ᠌ᠰᠢᠭᠦᠷᠢ ᠵᠢᠨ ᠲᠡᠰ ᠲᠸ᠋ ᠲᠤᠬᠢᠷᠠᠭᠤᠯᠤᠯᠳᠠ ᠬᠢᠭ᠌ᠰᠡᠨ ᠪᠠᠢ᠌ᠨ᠎ᠠ᠃
ᠠᠯᠪᠠᠨ ᠵᠠᠷᠯᠠᠯ ᠳ᠋ᠤ ᠲᠦᠷᠤ ᠵᠢᠨ ᠶᠠᠪᠤᠳᠠᠯ ᠤᠨ ᠬᠤᠷᠢᠶᠠᠨᠤ ᠬᠤᠯᠪᠤᠭᠠᠯᠠᠨ ᠰᠠᠷᠭᠡᠢ᠌ᠯᠡᠵᠦ᠍ ᠬᠤᠯᠪᠤᠭᠠᠯᠠᠨ ᠡᠵᠡᠮᠳᠡᠬᠦ᠌ ᠲᠤᠬ᠍ᠳᠠᠴᠠ ᠵᠢᠨ《ᠱᠢᠨᠠ ᠲᠢᠳᠢᠮᠯᠢᠭ᠌ ᠠᠭᠤᠰᠭᠢᠨ ᠦᠷᠪᠢᠰᠤᠯᠤᠨ ᠬᠢᠵᠢᠭ ᠤᠨ ᠪᠠᠢ᠌ᠳᠠᠯᠢ ᠭᠠᠵᠠᠷ ᠤᠷᠤᠨ ᠬᠤᠪᠢᠶᠠᠨ ᠲᠡᠰ ᠲᠦᠷᠤᠯ ᠬᠤᠪᠢᠶᠠᠬᠤ ᠪᠠᠷᠢᠮᠵᠢᠶ᠎ᠠ ᠳ᠋ᠤ ᠲᠤᠬᠢᠷᠠᠭᠤᠯᠤᠯᠳᠠ ᠬᠢᠵᠦ᠍ ᠨᠠᠷᠢᠯᠢᠭ ᠤᠨᠤᠪᠴᠢᠳᠠᠢ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠠ ᠵᠢ ᠬᠡᠷᠡᠭ᠌ᠵᠢᠬᠦᠯᠬᠦ᠌ ᠲᠤᠬᠠᠢ ᠮᠡᠳᠡᠭ᠌ᠳᠡᠯ》 (ᠲᠦᠷᠤ ᠵᠢᠨ ᠶᠠᠪᠤᠳᠠᠯ ᠤᠨ ᠬᠤᠷᠢᠶ᠎ᠠ ᠴᠠᠬᠢᠯᠭᠠᠨ ᠮᠡᠳᠡᠭᠡ ᠲᠠᠷᠬᠠᠭᠠᠬ᠍ᠰᠠᠨ 〔2020〕 11 ᠨᠤᠮᠧᠷᠳᠤ)ᠤᠨ ᠲᠤᠬ᠍ᠳᠠᠭᠠᠯ ᠶᠤᠰᠤᠭᠠᠷ᠂ ᠲᠤᠰᠭᠠᠢ ᠮᠡᠷᠭᠡᠵᠢᠯᠳᠡᠨᠤ ᠲᠤᠭᠤᠢ᠌ᠯᠠᠩ ᠤᠨ ᠶᠡᠷᠦᠩᠬᠡᠢ᠌ᠯᠡᠨ ᠦᠨᠡᠯᠡᠨ ᠵᠢᠱ᠌ᠢᠵᠦ᠍ ᠰᠤᠳᠤᠯᠤᠨ ᠮᠠᠭᠠᠳᠯᠠᠬᠤ ᠪᠡᠷ ᠲᠡᠮᠵᠢᠨ᠂ ᠪᠤᠭᠤᠲᠤ ᠬᠤᠳᠠ ᠵᠢᠨ ᠱᠢᠨᠠ ᠲᠢᠳᠢᠮᠯᠢᠭ᠌ ᠠᠭᠤᠰᠭᠢᠨ ᠦᠷᠪᠢᠰᠤᠯ ᠤᠨ ᠬᠢᠵᠢᠭ ᠤᠨ ᠪᠠᠢ᠌ᠳᠠᠯ ᠢ ᠰᠡᠷᠭᠡᠢ᠌ᠯᠡᠨ ᠡᠵᠡᠮᠳᠡᠬᠦ᠌ ᠠᠵᠢᠯ ᠤᠨ ᠵᠢᠯᠤᠭᠤᠳᠭᠤ ᠭᠠᠵᠠᠷ 2022 ᠤᠨ ᠤ 2 ᠰᠠᠷ᠎ᠠ ᠵᠢᠨ 21 ᠤ ᠡᠳᠦᠷ ᠤᠨ 14 ᠴᠠᠭ ᠡᠴᠡ ᠡᠬᠢᠯᠡᠨ ᠪᠤᠭᠤᠳᠤ ᠬᠤᠳᠠ ᠵᠢᠨ ᠬᠦᠨᠳᠡᠯᠡᠨ ᠲᠤᠭᠤᠷᠢᠭ ᠤᠨ ᠠᠷᠠᠳ ᠤᠨ ᠵᠡᠭᠡᠯᠢ ᠭᠤᠳᠤᠮᠵᠢ ᠵᠢᠨ ᠰᠢ ᠬᠤᠸᠠ ᠨᠡᠢ᠌ᠳᠡ ᠵᠢᠨ ᠪᠠᠢ᠌ᠷᠢ᠂ ᠴᠢᠶᠠᠨ ᠵᠢᠩ ᠵᠡᠭᠡᠯᠢ ᠭᠤᠳᠤᠮᠵᠢ ᠵᠢᠨ ᠪᠤᠯᠤᠳ ᠲᠡᠮᠦᠷ ᠶᠡᠬᠡ ᠵᠡᠭᠡᠯᠢ ᠵᠢᠨ 37 ᠨᠤᠮᠧᠷᠳᠤ ᠰᠠᠭᠤᠭᠠᠯᠢ ᠠᠷᠠᠳ ᠤᠨ ᠲᠤᠭᠤᠷᠢᠭ᠂ ᠪᠠᠶᠠᠨ ᠵᠡᠭᠡᠯᠢ ᠭᠤᠳᠤᠮᠵᠢ ᠵᠢᠨ ᠹᠧᠩ ᠬᠤᠸᠠ ᠶᠤᠸᠠᠨ ᠰᠠᠭᠤᠭᠠᠯᠢ ᠠᠷᠠᠳ ᠤᠨ ᠲᠤᠭᠤᠷᠢᠭ᠂ ᠬᠤᠳᠠ ᠵᠢᠨ ᠵᠠᠰᠠᠭᠤᠨ ᠤᠷᠳᠤᠨ ᠤ ᠵᠡᠬᠦᠨ ᠵᠠᠮ ᠤᠨ ᠵᠡᠭᠡᠯᠢ ᠭᠤᠳᠤᠮᠵᠢ ᠵᠢᠨ ᠡᠩᠬᠡ ᠰᠠᠭᠤᠭᠠᠯᠢ ᠠᠷᠠᠳᠤᠨ ᠲᠤᠭᠤᠷᠢᠭ ᠤᠨ 3 ᠲᠤᠭᠤᠷᠢᠭ᠂ ᠠᠷᠠᠳᠤᠨ ᠵᠡᠭᠡᠯᠢ ᠭᠤᠳᠤᠮᠵᠢ ᠵᠢᠨ ᠵᠢᠶᠠ ᠶᠤᠸᠠᠨ ᠰᠠᠭᠤᠭᠠᠯᠢ ᠠᠷᠠᠳ ᠤᠨ ᠲᠤᠭᠤᠷᠢᠭ ᠤᠨ ᠠᠬᠠᠮᠠᠳ ᠺᠠᠳ᠋ᠷ ᠤᠨ ᠬᠦᠷᠢᠶᠡᠯᠡᠩ᠂ ᠬᠤᠳᠠ ᠵᠢᠨ ᠵᠠᠰᠠᠭ ᠤᠨ ᠤᠷᠳᠤᠨ ᠤ ᠵᠡᠭᠦᠨ ᠵᠠᠮ ᠤᠨ ᠵᠡᠭᠡᠯᠢ ᠭᠤᠳᠤᠮᠵᠢ ᠵᠢᠨ ᠰᠢ ᠬᠤᠸᠠ ᠱ᠌ᠢ ᠵᠶ᠋ᠢ ᠬᠤᠸᠠ ᠶᠤᠸᠠᠨ ᠰᠠᠭᠤᠭᠠᠯᠢ ᠠᠷᠠᠳᠤᠨ ᠲᠤᠭᠤᠷᠢᠭ ᠤᠨ ᠮᠧᠢ ᠬᠦᠢ ᠶᠤᠸᠠᠨ ᠵᠢᠴᠢ ᠲᠠᠷᠬᠠᠨ ᠮᠤᠤᠮᠢᠩᠭᠠᠨ ᠬᠤᠯᠪᠤᠭᠠᠳᠤ ᠬᠤᠱᠢᠭᠤᠨ ᠤ ᠪᠠᠭ᠎ᠠ ᠤᠩᠭᠤᠨ ᠱᠢᠶᠠᠩ ᠤᠨ ᠰᠠᠢ᠌ᠷ ᠤᠨ ᠬᠤᠳᠳᠤᠭ ᠲᠤᠰᠭᠤᠨ ᠤ ᠲᠦᠭ᠌ᠰᠢᠭᠦᠷᠢ ᠵᠢᠨ ᠲᠡᠰ ᠢ ᠲᠤᠮᠳᠠ ᠲᠦᠭ᠌ᠰᠢᠭᠦᠷᠢᠳᠤ ᠭᠠᠵᠠᠷ ᠤᠷᠤᠨ ᠵᠢᠡᠷ ᠲᠤᠬ᠍ᠳᠠᠭᠠᠵᠦ᠍᠂ ᠪᠤᠰᠤᠳ ᠭᠠᠵᠠᠷ ᠤᠷᠤᠨ ᠨᠢ ᠪᠦᠷ ᠲᠤᠤᠷ᠎ᠠ ᠲᠦᠭ᠌ᠰᠢᠭᠦᠷᠢᠳᠤ ᠭᠠᠵᠠᠷ ᠤᠷᠤᠨ ᠪᠤᠯᠤᠨ᠎ᠠ᠃
ᠤᠳᠤᠬᠠᠨ ᠪᠤᠯᠳᠠᠯ᠎ᠠ᠂ ᠪᠤᠭᠤᠳᠤ ᠬᠤᠳᠠᠨ ᠳ᠋ᠤ 7 ᠲᠤᠮᠳᠠ ᠲᠦᠭ᠌ᠰᠢᠭᠦᠷᠢᠳᠤ ᠭᠠᠵᠠᠷ ᠤᠷᠤᠨ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃