ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-23 10:14:26

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 22 ᠤ᠋ᠨ ᠦᠳᠡ᠎ᠶ᠋ᠢᠨ ᠬᠣᠢᠨ᠎ᠠ᠂ ᠰᠤᠷᠪᠤᠯᠵᠢᠯᠠᠭ᠍ᠴᠢ ᠪᠠᠶᠠᠨᠨᠠᠭᠤᠷ ᠬᠤᠳᠠ᠎ᠵᠢᠨ ᠬᠤᠷᠠᠯᠳᠤᠭᠤᠯᠤᠭ᠍ᠰᠠᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ 2 ᠰᠠᠷ᠎ᠠ᠎ᠶ᠋ᠢᠨ 22 ᠤ᠋ᠨ ᠡᠳᠦᠷ᠎ᠦᠨ 14 ᠴᠠᠭ ᠪᠣᠯᠲᠠᠯ᠎ᠠ᠂ ᠪᠠᠶᠠᠨᠨᠠᠭᠤᠷ ᠬᠤᠳᠠ᠎ᠳᠤ ᠨᠡᠢ᠌ᠳᠡ 3 ᠣᠨᠣᠱᠢᠯᠠᠭᠳᠠᠭ᠍ᠰᠠᠨ ᠡᠪᠡᠳᠴᠢᠨ᠎ᠦ ᠵᠢᠱ᠌ᠢᠢ᠎ᠡ᠂ 1 ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭ᠍ᠴᠢ ᠭᠠᠷᠴᠠᠢ᠃ ᠡᠭᠦᠨ᠎ᠳᠦ᠂ ᠤᠷᠠᠳ᠎ᠤᠨ ᠡᠮᠦᠨᠡᠲᠦ ᠬᠣᠱᠢᠭᠤᠨ᠎ᠳᠤ ᠤᠨᠤᠰᠢᠯᠠᠭᠳᠠᠬᠰᠡᠨ ᠡᠪᠡᠳᠴᠢᠨ᠎ᠦ ᠵᠢᠱ᠌ᠢᠶ᠎ᠡ 2᠂ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠴᠢ 1 ᠪᠠᠢᠵᠤ ᠂ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ ᠪᠤᠯᠬᠤ ᠤᠷᠠᠳ᠎ᠤᠨ ᠡᠮᠦᠨᠡᠲᠦ ᠬᠣᠱᠢᠭᠤᠨ᠎ᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ᠎ᠳᠤ ᠭᠥᠯᠢᠶᠡᠨ ᠠᠪᠴᠤ᠌ ᠡᠮᠨᠡᠨ ᠵᠠᠰᠠᠵᠦ ᠪᠤᠢ; ᠯᠢᠨ ᠾᠧ ᠲᠣᠭᠣᠷᠢᠭ ᠲᠸ᠋ ᠤᠨᠤᠰᠢᠯᠠᠬᠳᠠᠭᠰᠡᠨ ᠡᠪᠡᠳᠴᠢᠨ᠎ᠦ ᠵᠢᠱ᠌ᠢᠶ᠎ᠡ 1 ᠪᠠᠢᠵᠦ᠂ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ ᠪᠤᠯᠬᠤ ᠯᠢᠨ ᠾᠧ ᠲᠣᠭᠣᠷᠢᠭ᠎ᠤᠨ ᠠᠷᠠᠳ᠎ᠤᠨ ᠡᠮᠨᠡᠯᠭᠡ᠎ᠶ᠋ᠢᠨ ᠬᠣᠷᠢᠶ᠎ᠠ᠎ᠳᠤ ᠭᠥᠯᠢᠶᠡᠨ ᠠᠪᠴᠤ᠌ ᠡᠮᠨᠡᠨ ᠵᠠᠰᠠᠵᠦ ᠪᠤᠢ᠃

ᠬᠢᠵᠢᠭ᠎ᠦᠨ ᠪᠠᠢᠳᠠᠯ᠎ᠢ ᠢᠯᠡᠷᠡᠬᠦᠯᠦᠭᠰᠡᠨ᠎ᠦ ᠳᠠᠷᠠᠭ᠎ᠠ᠂ ᠪᠠᠶᠠᠨᠨᠠᠭᠤᠷ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠠᠴᠢᠮ ᠪᠠᠢᠳᠠᠯ᠎ᠢ ᠠᠷᠭᠠᠴᠠᠭᠠᠬᠤ ᠲᠣᠭ᠍ᠲᠠᠴᠠ᠎ᠶ᠋ᠢ ᠳᠠᠷᠤᠢᠬᠠᠨ ᠡᠬᠢᠯᠡᠭᠦᠯᠵᠦ᠍᠂ ᠬᠣᠲᠠ᠂ ᠬᠣᠱᠢᠭᠤ ᠱᠢᠶᠠᠨ ᠲᠣᠭᠣᠷᠢᠭ ᠬᠣᠶᠠᠷ ᠱᠠᠲᠤᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠵᠢᠴᠢ ᠡᠯ᠎ᠡ ᠲᠤᠰᠭᠠᠶ ᠠᠵᠢᠯ᠎ᠤᠨ ᠳᠤᠭᠤᠢᠯᠠᠩ ᠲᠡᠷᠡ ᠳᠠᠷᠤᠶ᠎ᠳᠤᠨᠢ ᠲᠤᠬᠠᠶ᠎ᠶ᠋ᠢᠨ ᠲᠠᠯᠠᠪᠠᠶ᠎ᠳᠤ ᠴᠤᠭ᠍ᠯᠠᠷᠠᠵᠤ᠂《ᠡᠮᠦᠨ᠎ᠡ ᠹᠷᠣᠨᠲ᠎ᠤᠨ ᠵᠢᠯᠣᠭᠣᠳᠭᠤ ᠲᠥᠪ》ᠢ᠋ ᠵᠣᠬᠢᠶᠠᠨ ᠪᠠᠢᠭᠤᠯᠵᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌᠎ᠳᠦ ᠪᠥᠬᠥ᠌ ᠲᠠᠯ᠎ᠠ᠎ᠪᠠᠷ ᠣᠷᠣᠯᠴᠠᠪᠠ᠃ ᠲᠠᠬᠤᠯ ᠡᠪᠡᠳᠴᠢᠨ᠎ᠦ ᠪᠠᠢᠴᠠᠭᠠᠯᠲᠠ᠎ᠶ᠋ᠢᠨ ᠠᠵᠢᠯ᠎ᠢ ᠦᠳᠲᠡᠷ ᠲᠦᠷᠭᠡᠨ ᠥᠷᠨᠢᠭᠦᠯᠪᠠ᠃ 2 ᠰᠠᠷ᠎ᠠ᠎ᠶ᠋ᠢᠨ 22 ᠎ᠤ᠋ᠨ ᠡᠳᠦᠷ᠎ᠦᠨ 14 ᠴᠠᠭ ᠪᠣᠯᠲᠠᠯ᠎ᠠ᠂ ᠪᠥᠬᠥ᠌ ᠬᠣᠲᠠ᠎ᠳᠤ ᠨᠡᠢᠲᠡ 172 ᠨᠢᠭ᠍ᠲᠠ ᠣᠢᠷᠠᠲᠤᠭ᠍ᠴᠢ᠎ᠶᠢ ᠵᠢᠭ᠍ᠰᠠᠭᠠᠨ ᠪᠠᠢᠴᠠᠭᠠᠵᠤ᠂ 167 ᠬᠥᠮᠦᠨ᠎ᠢ ᠲᠥᠪᠯᠡᠷᠡᠭᠦᠯᠦᠨ ᠲᠤᠰᠠᠭᠠᠷᠯᠠᠵᠤ᠂ ᠶᠠᠭ 5 ᠬᠥᠮᠦᠨ᠎ᠢ ᠱᠢᠯᠵᠢᠭᠦᠯᠦᠨ ᠵᠦᠭᠡᠭᠡᠪᠤᠷᠢᠯᠡᠵᠤ ᠪᠠᠢᠨ᠎ᠠ; 578 ᠳᠠᠮ ᠣᠢᠷᠠᠲᠤᠭ᠍ᠴᠢ᠎ᠶᠢ ᠵᠢᠭ᠍ᠰᠠᠭᠠᠨ ᠪᠠᠢᠴᠠᠭᠠᠵᠤ᠂ 510 ᠬᠥᠮᠦᠨ᠎ᠢ ᠲᠥᠪᠯᠡᠷᠡᠭᠦᠯᠦᠨ ᠲᠤᠰᠠᠭᠠᠷᠯᠠᠵᠤ᠂ ᠶᠠᠭ 56 ᠬᠥᠮᠦᠨ᠎ᠢ ᠱᠢᠯᠵᠢᠭᠦᠯᠦᠨ ᠵᠦᠭᠡᠭᠡᠪᠤᠷᠢᠯᠡᠵᠤ ᠪᠠᠢᠨ᠎ᠠ᠂ ᠵᠠᠷᠢᠮ ᠣᠨᠴᠠᠭᠠᠶ ᠱᠢᠯᠲᠠᠭᠠᠨ᠎ᠡᠴᠡ ᠪᠣᠯᠵᠣ᠂ 12 ᠬᠥᠮᠦᠨ᠎ᠢ ᠬᠡᠷ᠎ᠲᠤᠨᠢ ᠲᠦᠷ ᠲᠤᠰᠠᠭᠠᠷᠯᠠᠵᠤ ᠪᠠᠢᠨ᠎ᠠ᠃

ᠲᠣᠰ ᠬᠣᠲᠠ᠎ᠶ᠋ᠢᠨ᠎ᠬᠢᠨ ᠬᠢᠵᠢᠭ᠎ᠦᠨ ᠴᠡᠭ ᠬᠢᠵᠢᠭ᠌᠎ᠤᠨ ᠣᠷᠣᠨ᠎ᠢ ᠦᠳᠲᠡᠷ ᠲᠦᠷᠭᠡᠨ ᠪᠢᠲᠡᠭᠦᠮᠵᠢᠯᠡᠨ ᠡᠵᠡᠮᠳᠡᠵᠦ᠍᠂ ᠬᠢᠵᠢᠭ ᠪᠠᠢᠴᠠᠭᠠᠬᠤ ᠴᠡᠭ᠎ᠢ ᠵᠢᠷᠤᠮᠵᠢᠭᠤᠯᠤᠨ ᠲᠣᠬᠢᠷᠠᠭᠤᠯᠵᠤ᠂ ᠺᠣᠳ᠋᠎ᠱᠢᠷᠪᠢᠬᠦ᠌᠂ ᠪᠡᠶ᠎ᠡ᠎ᠶ᠋ᠢᠨ ᠬᠠᠯᠠᠭᠤᠨ᠎ᠢ ᠬᠡᠮᠵᠢᠬᠦ᠌᠂ ᠳᠠᠩᠰᠠᠯᠠᠬᠤ᠂ ᠠᠷᠢᠭᠤᠳᠭᠠᠬᠤ ᠵᠡᠷᠭᠡ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ ᠪᠥᠭᠡᠮ ᠬᠦᠴᠢᠯ᠎ᠦᠨ ᠱᠢᠭ᠌ᠰᠢᠨ ᠪᠠᠢᠴᠠᠭᠠᠯᠲᠠ᠎ᠶ᠋ᠢ ᠦᠳᠲᠡᠷ ᠲᠦᠷᠭᠡᠨ ᠥᠷᠨᠢᠭᠦᠯᠪᠡ᠃ 2 ᠰᠠᠷ᠎ᠠ᠎ᠶ᠋ᠢᠨ 22 ᠎ᠤ᠋ᠨ ᠡᠳᠦᠷ᠎ᠦᠨ 14 ᠴᠠᠭ ᠪᠣᠯᠲᠠᠯ᠎ᠠ᠂ ᠤᠷᠠᠳ᠎ᠤᠨ ᠡᠮᠦᠨᠡᠲᠦ ᠬᠣᠱᠢᠭᠤᠨ᠎ᠳᠤ ᠪᠢᠲᠡᠭᠦᠮᠵᠢᠯᠡᠨ ᠡᠵᠡᠮᠳᠡᠬᠦ᠌ ᠲᠣᠭᠣᠷᠢᠭ 2᠂ ᠬᠠᠮᠢᠶᠠᠷᠤᠨ ᠡᠵᠡᠮᠳᠡᠬᠦ᠌ ᠲᠣᠭᠣᠷᠢᠭ 2᠂ ᠰᠡᠷᠭᠡᠢᠯᠡᠯᠲᠡ᠎ᠶ᠋ᠢᠨ ᠲᠣᠭᠣᠷᠢᠭ 1 ᠎ᠵᠢ ᠢᠯᠭᠠᠨ ᠲᠣᠭ᠍ᠲᠠᠭᠠᠪᠠ; ᠯᠢᠨ ᠾᠧ ᠲᠣᠭᠣᠷᠢᠭ᠎ᠲᠤ ᠪᠢᠲᠡᠭᠦᠮᠵᠢᠯᠡᠨ ᠡᠵᠡᠮᠳᠡᠬᠦ᠌ ᠲᠣᠭᠣᠷᠢᠭ 1 ᠂ ᠬᠠᠮᠢᠶᠠᠷᠤᠨ ᠡᠵᠡᠮᠳᠡᠬᠦ᠌ ᠲᠣᠭᠣᠷᠢᠭ 1᠂ ᠰᠡᠷᠭᠡᠢᠯᠡᠯᠲᠡ᠎ᠶ᠋ᠢᠨ ᠲᠣᠭᠣᠷᠢᠭ 1 ᠎ᠵᠢ ᠢᠯᠭᠠᠨ ᠲᠣᠭ᠍ᠲᠠᠭᠠᠪᠠ᠃

ᠣᠳᠣᠬᠠᠨ᠎ᠳᠤ᠂ ᠪᠥᠬᠥ᠌ ᠬᠣᠲᠠ᠎ᠳᠤ ᠲᠤᠭᠳᠠᠭᠰᠠᠨ ᠴᠡᠭ ᠪᠦᠬᠦᠢ ᠡᠮᠨᠡᠨ ᠵᠠᠰᠠᠬᠤ ᠡᠮᠨᠡᠯᠭᠡ᠎ᠶ᠋ᠢᠨ ᠬᠣᠷᠢᠶ᠎ᠠ ᠨᠡᠢᠲᠡ 9 ᠪᠠᠢᠵᠤ᠂ 3574 ᠣᠷᠣ᠎ᠲᠠᠶ᠂ ᠡᠭᠦᠨ᠎ᠳᠦ ᠡᠮᠨᠡᠨ ᠵᠠᠰᠬᠠᠤ ᠣᠷᠣ 2711 (ᠬᠦᠨᠳᠦ ᠡᠪᠡᠳᠴᠢᠲᠡᠨ᠎ᠦ ᠣᠷᠣ 368)᠂ ᠰᠥᠭᠡᠷᠭᠦ᠌ ᠳᠠᠷᠤᠯᠲᠠᠲᠤ ᠡᠪᠡᠳᠴᠢᠲᠡᠨ᠎ᠦ ᠥᠷᠥᠭᠡ 10᠂ ᠲᠦᠷᠭᠡᠨ ᠠᠪᠤᠷᠠᠯᠳᠠ᠎ᠶ᠋ᠢᠨ ᠲᠡᠷᠭᠡ 75 ᠪᠤᠢ᠃ ᠲᠤᠰᠭᠠᠶ ᠮᠡᠷᠭᠡᠵᠢᠯ ᠬᠤᠪᠢᠶᠠᠨ 45 ᠬᠦᠮᠦᠨ ᠵᠢᠠᠷ ᠪᠦᠷᠢᠯᠳᠦᠭᠰᠡᠨ ᠡᠮᠴᠢᠯᠡᠭᠡᠨ᠎ᠦ ᠡᠮᠨᠡᠨ ᠵᠠᠰᠠᠬᠤ ᠲᠤᠰᠭᠠᠶ ᠮᠡᠷᠭᠡᠵᠢᠯᠲᠡᠨ᠎ᠦ ᠵᠢᠯᠣᠭᠣᠳᠭᠤ ᠪᠦᠯᠬᠦᠮ ᠪᠠ 11 ᠰᠠᠯᠠᠭ᠎ᠠ 616 ᠬᠥᠮᠦᠨ ᠵᠢᠠᠷ ᠪᠦᠷᠢᠯᠳᠦᠭᠰᠡᠨ ᠡᠮᠴᠢᠯᠡᠭᠡᠨ᠎ᠦ ᠠᠪᠤᠷᠠᠨ ᠵᠠᠰᠠᠬᠤ ᠲᠤᠰᠠᠯᠠᠬᠤ ᠡᠩᠨᠡᠭᠡ᠎ᠶ᠋ᠢ ᠪᠠᠢᠭᠤᠯᠤᠭᠰᠠᠨ ᠪᠠᠢᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面