2022-02-23 10:29:36
ᠰᠤᠷᠪᠤᠯᠵᠢᠯᠠᠭ᠍ᠴᠢ ᠬᠥᠬᠡᠬᠣᠲᠠ ᠵᠢᠨ ᠬᠤᠳᠠᠯᠳᠤᠭᠠᠨ ᠤ᠋ ᠶᠠᠪᠤᠳᠠᠯ ᠤ᠋ᠨ ᠲᠣᠪᠴᠢᠶ᠎ᠠ ᠡᠴᠡ ᠣᠢᠯᠠᠭᠠᠭ᠍ᠰᠠᠨ ᠵᠢᠡᠷ᠂ ᠣᠳᠣᠬᠠᠨ ᠳ᠋ᠤ ᠪᠥᠬᠥ᠌ ᠬᠣᠲᠠ ᠵᠢᠨ ᠠᠮᠤ ᠪᠤᠳᠠᠭ᠎ᠠ ᠭᠤᠯᠢᠷ ᠲᠣᠰᠣ᠂ ᠮᠢᠬ᠎ᠠ ᠥᠨᠳᠡᠭᠡ ᠢᠳᠡᠰᠢᠨ ᠨᠣᠭᠣᠭ᠎ᠠ ᠵᠡᠷᠭᠡ ᠭᠤᠤᠯ ᠪᠤᠯᠬᠤ ᠠᠮᠢᠳᠤᠷᠠᠯ ᠤ᠋ᠨ ᠬᠡᠷᠡᠭᠯᠡᠭᠡᠨ ᠤ᠋ ᠵᠦᠶ᠋ᠯᠡᠰ ᠤ᠋ᠨ ᠵᠠᠬ᠎ᠠ ᠳᠡᠯᠭᠡᠭᠦᠷ ᠤ᠋ᠨ ᠪᠠᠷᠠᠭᠠᠨ ᠤ᠋ ᠢᠷᠡᠯᠲᠡ ᠭᠦᠶ᠋ᠴᠡᠳ᠂ ᠲᠥᠷᠥᠯ ᠵᠦᠶ᠋ᠯ ᠡᠯᠪᠡᠭ᠂ ᠬᠠᠩᠭᠠᠯᠭ᠎ᠠ ᠲᠣᠭ᠍ᠲᠠᠭᠤᠨ ᠪᠠᠢᠵᠤ᠂ ᠰᠠᠭᠤᠭᠠᠯᠢ ᠠᠷᠠᠳ ᠤ᠋ᠨ ᠡᠳᠦᠷ ᠲᠤᠲᠤᠮ ᠤ᠋ᠨ ᠦᠨᠳᠦᠰᠦᠨ ᠠᠮᠢᠳᠤᠷᠠᠯ ᠤ᠋ᠨ ᠬᠡᠷᠡᠭ᠌ᠴᠡᠭᠡ ᠵᠢ ᠬᠠᠩᠭᠠᠵᠤ ᠲᠡᠢᠯᠦᠨ᠎ᠠ ᠃
ᠬᠢᠨᠠᠨ ᠬᠡᠮᠵᠢᠭ᠌ᠰᠡᠨ ᠲᠣᠭ᠎ᠠ ᠪᠠᠷᠢᠮᠲᠠ ᠡᠴᠡ ᠦᠵᠡᠪᠡᠯ᠂ ᠣᠢᠷ᠎ᠠ ᠵᠢᠨ ᠡᠳᠦᠷ ᠤ᠋ᠳ ᠲᠦ᠍ ᠬᠥᠬᠡᠬᠣᠲᠠ ᠵᠢᠨ ᠲᠠᠷᠢᠶᠠᠯᠠᠩ ᠤ᠋ᠨ ᠪᠦᠳᠦᠬᠡᠭᠳᠡᠬᠦᠨ ᠤ᠋ ᠠᠷᠠᠯᠵᠢᠶ᠎ᠠ ᠵᠢᠨ ᠳᠥᠷᠪᠡᠨ ᠶᠡᠬᠡ ᠪᠥᠭᠡᠮ ᠵᠢᠡᠷ ᠬᠤᠳᠠᠯᠳᠤᠬᠤ ᠵᠠᠬ᠎ᠠ ᠳᠡᠯᠭᠡᠭᠦᠷ ᠤ᠋ᠨ ᠪᠠᠷᠠᠭ᠎ᠠ ᠲᠠᠸᠠᠷ ᠣᠷᠣᠭᠤᠯᠬᠤ ᠵᠠᠮ ᠱᠤᠭᠤᠮ ᠰᠠᠭᠠᠳ ᠥᠬᠡᠶ ᠨᠡᠪᠲᠡᠷᠡᠵᠦ᠍᠂ ᠢᠳᠡᠱᠢᠨ ᠨᠣᠭᠣᠭ᠎ᠠ ᠵᠢᠨ ᠵᠠᠬ᠎ᠠ ᠳᠡᠯᠭᠡᠭᠦᠷ ᠤ᠋ᠨ ᠬᠠᠩᠭᠠᠯᠭ᠎ᠠ ᠭᠦᠶ᠋ᠴᠡᠳ ᠪᠠᠢᠨ᠎ᠠ ; ᠠᠮᠤ ᠪᠤᠳᠠᠭ᠎ᠠ ᠭᠤᠯᠢᠷ ᠲᠣᠰᠣᠨ ᠤ᠋ ᠬᠥᠮᠥᠷᠭᠡ ᠵᠢᠨ ᠬᠠᠳᠠᠭᠠᠯᠠᠯᠲᠠ 3 ᠰᠠᠷ᠎ᠠ ᠡᠴᠡ ᠳᠡᠭᠡᠭ᠌ᠰᠢᠬᠢ ᠵᠠᠬ᠎ᠠ ᠳᠡᠯᠭᠡᠭᠦᠷ ᠤ᠋ᠨ ᠬᠡᠪ ᠤ᠋ᠨ ᠬᠠᠩᠭᠠᠯᠭ᠎ᠠ ᠵᠢ ᠪᠠᠲᠤᠯᠠᠵᠤ᠂ ᠮᠢᠬ᠎ᠠ ᠥᠨᠳᠡᠭᠡ ᠰᠦ ᠵᠢᠨ ᠬᠥᠮᠥᠷᠭᠡ ᠵᠢᠨ ᠬᠠᠳᠠᠭᠠᠯᠠᠯᠲᠠ 2 ᠭᠠᠷᠠᠭ ᠡᠴᠡ ᠳᠡᠭᠡᠭ᠌ᠰᠢᠬᠢ ᠵᠠᠬ᠎ᠠ ᠳᠡᠯᠭᠡᠭᠦᠷ ᠤ᠋ᠨ ᠬᠡᠪ ᠤ᠋ᠨ ᠬᠠᠩᠭᠠᠯᠭ᠎ᠠ ᠵᠢ ᠪᠠᠲᠤᠯᠠᠵᠤ ᠲᠠᠢᠯᠦᠨᠠ ᠂ ᠡᠭᠦᠨ ᠤ᠋ ᠳᠡᠭᠡᠷ᠎ᠡ ᠡᠳᠦᠷ ᠪᠦᠷᠢ ᠪᠠᠰᠠ ᠠᠮᠤ ᠪᠤᠳᠠᠭ᠎ᠠ ᠭᠤᠯᠢᠷ ᠲᠣᠰᠣ ᠵᠢ 500 ᠱᠢᠬᠠᠮ ᠲᠣᠨ᠂ ᠮᠢᠬ᠎ᠠ ᠥᠨᠳᠡᠭᠡ ᠰᠦ ᠵᠢ 100 ᠭᠠᠷᠤᠶ ᠲᠣᠨ ᠣᠷᠣᠭᠤᠯᠵᠤ ᠪᠠᠢᠳᠠᠭ ᠡᠴᠡ ᠵᠠᠬ᠎ᠠ ᠳᠡᠯᠭᠡᠭᠦᠷ ᠤ᠋ᠨ ᠬᠠᠩᠭᠠᠯᠭ᠎ᠠ ᠵᠢ ᠯᠠᠪᠳᠠᠭᠤᠨ ᠪᠠᠲᠤᠯᠠᠵᠤ ᠲᠡᠢᠯᠤᠨᠠ ᠃ ᠡᠭᠦᠨ ᠤ᠋ ᠬᠠᠮᠲᠤ ᠂ ᠪᠥᠬᠥ᠌ ᠬᠣᠲᠠ ᠵᠢᠨ ᠬᠠᠩᠭᠠᠯᠭ᠎ᠠ ᠵᠢ ᠪᠠᠲᠤᠯᠠᠬᠤ 1200 ᠭᠤᠤᠯᠳᠠᠯᠭ᠎ᠠ ᠲᠠᠶ ᠲᠤᠤᠷ ᠴᠡᠭ ᠤ᠋ᠨ ᠬᠥᠮᠥᠷᠭᠡ ᠵᠢᠨ ᠬᠠᠳᠠᠭᠠᠯᠠᠯᠲᠠ ᠤᠤᠯ ᠤ᠋ᠨ 2 ᠡᠳᠦᠷ ᠤ᠋ᠨ ᠪᠠᠷᠠᠭ᠎ᠠ ᠲᠠᠸᠠᠷᠤᠨ ᠬᠠᠳᠠᠭᠠᠯᠠᠯᠳᠠ ᠵᠢᠨ ᠬᠡᠮᠵᠢᠶ᠎ᠡ ᠡᠴᠡ 3 ᠡᠳᠦᠷ ᠣᠷᠴᠢᠮ ᠪᠣᠯᠵᠣ ᠨᠡᠮᠡᠭ᠌ᠳᠡᠨ᠂ ᠪᠠᠷᠠᠭ᠎ᠠ ᠲᠠᠸᠠᠷᠤᠨ ᠢᠷᠡᠯᠲᠡ ᠵᠢ ᠱᠢᠯᠵᠢᠭᠦᠯᠦᠨ ᠲᠡᠭᠡᠭᠡᠪᠦᠷᠢᠯᠡᠬᠦ᠌ ᠡᠷᠴᠢᠮ ᠢ᠋ ᠤᠯᠠᠮ ᠨᠢᠭᠡ ᠠᠯᠬᠤᠮ ᠴᠢᠩᠭᠠᠷᠠᠭᠤᠯᠪᠠ᠃
ᠣᠳᠣᠬᠠᠨ ᠳ᠋ᠦ ᠂ ᠪᠥᠬᠥ᠌ ᠬᠣᠲᠠ ᠵᠢᠨ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠪᠥᠭᠡᠮ ᠵᠢᠡᠷ ᠬᠤᠳᠠᠯᠳᠤᠬᠤ ᠵᠠᠬ᠎ᠠ ᠲᠠᠯᠬᠡᠬᠦᠷ ᠪᠤᠯᠤᠨ ᠲᠠᠷᠢᠶᠠᠯᠠᠩ ᠤ᠋ᠨ ᠪᠦᠳᠦᠬᠡᠭᠳᠡᠬᠦᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ᠂ ᠬᠡᠲᠦ ᠳᠡᠯᠭᠡᠭᠦᠷ ᠵᠡᠷᠭᠡ ᠠᠵᠤ ᠠᠬᠤᠢᠯᠠᠯ ᠤ᠋ᠨ ᠬᠢᠨ ᠬᠡᠪ ᠤ᠋ᠨ ᠶᠣᠰᠣᠭᠠᠷ ᠡᠵᠡᠩᠨᠡᠯᠲᠡ ᠬᠢᠵᠦ᠍᠂ ᠡᠮᠬᠢ ᠵᠢᠷᠤᠮ ᠲᠠᠶ ᠠᠵᠢᠯᠯᠠᠵᠤ ᠪᠠᠢᠨ᠎ᠠ᠃ ᠡᠭᠦᠨ ᠤ᠋ ᠬᠠᠮᠲᠤ᠂ ᠡᠯᠧᠺᠲ᠋ᠷᠣᠨ ᠬᠤᠳᠠᠯᠳᠤᠭᠠᠨ ᠤ᠋ ᠬᠦᠷᠭᠡᠯᠳᠡ ᠵᠢᠨ ᠳᠠᠪᠠᠭᠤᠯᠢᠭ ᠢ᠋ ᠭᠦᠶ᠋ᠴᠡᠳ ᠪᠠᠳᠠᠷᠠᠭᠤᠯᠵᠤ ᠂ ᠮᠧᠶ ᠲᠤᠸᠠᠨ ᠱᠢᠯᠢᠳᠡᠭ ᠰᠤᠩᠭᠤᠮᠠᠯ ᠂ ᠱᠧᠩ ᠲᠢᠶᠠᠨ ᠰᠣᠷᠭᠣᠭ ᠢᠳᠡᠭᠡᠨ᠂ ᠫᠢᠨ ᠳ᠋ᠦᠸᠸ ᠳ᠋ᠦᠸᠸ ᠵᠡᠷᠭᠡ 11 ᠰᠦᠯᠵᠢᠶᠡᠨ ᠲᠠᠪᠴᠠᠩ ᠤ᠋ᠨ ᠠᠵᠤ ᠠᠬᠤᠢᠯᠠᠯ ᠢ᠋ ᠵᠣᠬᠢᠶᠠᠨ ᠪᠠᠢᠭᠤᠯᠵᠤ ᠪᠢᠲᠡᠭᠦᠮᠵᠢᠯᠡᠨ ᠬᠠᠮᠢᠶᠠᠷᠴᠦ ᠪᠠᠢᠭ᠎ᠠ ᠰᠠᠭᠤᠭᠠᠯᠢ ᠠᠷᠠᠳᠤᠨ ᠲᠣᠭᠣᠷᠢᠭ ᠯᠤᠭ᠎ᠠ ᠵᠤᠯᠭᠠᠯᠴᠠᠨ ᠬᠠᠩᠭᠠᠬᠤ ᠲᠣᠭ᠍ᠲᠠᠴᠠ ᠵᠢ ᠪᠠᠢᠭᠤᠯᠵᠤ ᠂ ᠰᠠᠭᠤᠭᠠᠯᠢ ᠠᠷᠠᠳ ᠤ᠋ᠨ ᠠᠮᠢᠳᠤᠷᠠᠯ ᠤ᠋ᠨ ᠬᠡᠷᠡᠭ᠌ᠴᠡᠭᠡ ᠵᠢ ᠪᠠᠲᠤᠯᠠᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃