2022-02-23 10:18:21
ᠬᠥᠬᠡᠬᠣᠲᠠ ᠵᠢᠨ ᠲᠤᠰ ᠡᠭᠡᠯᠵᠢ ᠵᠢᠨ ᠲᠤᠬᠠᠢ ᠵᠢᠨ ᠭᠠᠵᠠᠷ ᠤ᠋ᠨ ᠬᠢᠵᠢᠭ ᠤ᠋ᠨ ᠪᠠᠢᠳᠠᠯ ᠶᠠᠮᠠᠷ ᠵᠡᠷᠭᠡ ᠪᠤᠢ? ᠬᠣᠲᠠ ᠵᠢᠨ ᠠᠷᠠᠳ ᠬᠡᠷᠬᠢᠨ ᠱᠢᠨᠵᠢᠯᠡᠬᠦ᠌ ᠤᠬᠠᠭᠠᠨᠴᠢ ᠪᠡᠷ ᠬᠤᠪᠢ ᠬᠦᠮᠦᠨᠤ ᠬᠠᠮᠠᠭᠠᠯᠠᠯᠲᠠ ᠶ᠋ᠢ ᠬᠢᠬᠦ᠌ ᠪᠤᠢ? ᠬᠣᠲᠠ ᠵᠢᠨ ᠠᠷᠠᠳ ᠤ᠋ᠨ ᠠᠩᠬᠠᠷᠴᠤ᠌ ᠪᠠᠢᠭ᠎ᠠ ᠠᠰᠠᠭᠤᠳᠠᠯ ᠤ᠋ᠨ ᠲᠤᠬᠠᠶ 2 ᠰᠠᠷ᠎ᠠ ᠵᠢᠨ 20 ᠤ᠋ ᠡᠳᠦᠷ ᠬᠥᠬᠡᠬᠣᠲᠠ ᠵᠢᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠥᠪ ᠤ᠋ᠨ ᠤᠳᠠᠭᠠᠨ ᠴᠢᠨᠠᠷᠲᠠᠶ ᠡᠪᠡᠳᠴᠢᠨ ᠢ᠋ ᠰᠡᠷᠭᠡᠢᠯᠡᠨ ᠡᠵᠡᠮᠳᠡᠬᠦ᠌ ᠰᠠᠯᠠᠭᠠᠨᠤ ᠳᠠᠷᠤᠭ᠎ᠠ ᠸᠠᠩ ᠶᠠᠩ ᠵᠢᠶᠧ ᠰᠤᠷᠪᠤᠯᠵᠢᠯᠠᠭ᠍ᠴᠢ ᠵᠢᠨ ᠰᠤᠷᠪᠤᠯᠵᠢᠯᠠᠭ᠎ᠠ ᠶ᠋ᠢ ᠬᠦᠯᠢᠶᠡᠪᠡ᠃
ᠸᠠᠩ ᠶᠠᠩ ᠵᠢᠶᠧ ᠵᠢᠨ ᠲᠠᠨᠢᠯᠴᠠᠭᠤᠯᠤᠭ᠍ᠰᠠᠨ ᠵᠢᠡᠷ᠂ ᠬᠥᠬᠡᠬᠣᠲᠠ ᠵᠢᠨ ᠲᠣᠰ ᠡᠭᠡᠯᠵᠢ ᠵᠢᠨ ᠲᠤᠬᠠᠢ ᠵᠢᠨ ᠭᠠᠵᠠᠷ ᠤ᠋ᠨ ᠬᠢᠵᠢᠭ ᠤ᠋ᠨ ᠪᠠᠢᠳᠠᠯ ᠤ᠋ᠨ ᠭᠧᠨ ᠤ᠋ ᠴᠤᠪᠤᠷᠠᠯ ᠤ᠋ᠨ ᠬᠡᠮᠵᠢᠯᠲᠡ ᠵᠢᠨ ᠦᠷ᠎ᠡ ᠳ᠋ᠦᠩ ᠨᠢ ᠳ᠋ᠸᠯᠲ᠋ᠠ ᠵᠢᠨ ᠤᠨᠳᠤᠤᠱᠢᠭᠰᠠᠨ ᠸᠢᠷᠦ᠋ᠰ ᠪᠠᠢᠵᠤ᠂ ᠬᠢᠯᠢ ᠵᠢᠨ ᠭᠠᠳᠠᠨᠠᠠᠴᠠ ᠰᠢᠨ᠎ᠡ ᠪᠡᠷ ᠣᠷᠣᠵᠤ ᠢᠷᠡᠭ᠌ᠰᠡᠨ ᠬᠠᠯᠳᠠᠪᠤᠷᠢᠯᠠᠯ ᠤ᠋ᠨ ᠡᠬᠢ ᠲᠠᠢ ᠲᠤᠬᠠᠢ ᠵᠢᠨ ᠭᠠᠵᠠᠷ ᠤ᠋ᠨ ᠬᠢᠵᠢᠭ ᠤ᠋ᠨ ᠪᠠᠢᠳᠠᠯ ᠪᠣᠯᠤᠨ᠎ᠠ᠃ ᠣᠳᠣᠬᠠᠨ ᠳ᠋ᠤ᠂ ᠬᠥᠬᠡᠬᠣᠲᠠ ᠶᠠᠭ ᠭᠤᠤᠯᠳᠠᠯᠭᠠᠲᠠᠶ ᠣᠷᠣᠨ ᠪᠦᠰᠡ᠂ ᠭᠤᠤᠯᠳᠠᠯᠭᠠᠲᠠᠶ ᠲᠠᠯᠠᠪᠤᠷ ᠭᠠᠵᠠᠷ᠂ ᠭᠤᠤᠯᠳᠠᠯᠭᠠᠲᠠᠶ ᠬᠥᠮᠦᠰ ᠤ᠋ᠨ ᠪᠥᠭᠡᠮ ᠬᠦᠴᠢᠯ ᠤ᠋ᠨ ᠪᠠᠢᠴᠠᠭᠠᠯᠲᠠ ᠶ᠋ᠢ ᠥᠷᠨᠢᠭᠦᠯᠵᠦ᠂ ᠶᠠᠭ ᠲᠦᠷᠭᠡᠨ ᠵᠢᠭ᠍ᠰᠠᠭᠠᠨ ᠪᠠᠢᠴᠠᠭᠠᠵᠤ᠂ ᠬᠢᠵᠢᠭ ᠤ᠋ᠨ ᠪᠠᠢᠳᠠᠯ ᠤ᠋ᠨ ᠨᠥᠯᠥᠭᠡᠯᠡᠬᠦ᠌ ᠬᠡᠪᠴᠢᠶ᠎ᠡ ᠶ᠋ᠢ ᠳᠠᠷᠤᠶ ᠲᠦᠷᠭᠡᠨ ᠲᠣᠳᠣᠷᠬᠠᠶ ᠣᠢᠯᠠᠭᠠᠵᠤ᠂ ᠣᠨᠣᠱᠢᠯᠠᠭ᠍ᠳᠠᠭᠰᠠᠨ ᠡᠪᠡᠳᠴᠢᠨ ᠤ᠋ ᠵᠢᠱ᠌ᠢᠶ᠎ᠡ ᠶ᠋ᠢ ᠡᠷᠢᠨ ᠭᠠᠷᠭᠠᠵᠤ᠂ ᠨᠡᠢᠭᠡᠮ ᠲᠣᠭᠣᠷᠢᠭᠲᠤ ᠳᠠᠷᠬᠠᠨ ᠳᠡᠯᠭᠡᠷᠡᠬᠦ᠌ ᠶ᠋ᠢ ᠴᠠᠭ ᠲᠤᠬᠠᠶ ᠳ᠋ᠤᠨᠢ ᠬᠣᠷᠢᠭ᠍ᠯᠠᠵᠤ ᠪᠠᠢᠨ᠎ᠠ᠃
ᠸᠠᠩ ᠶᠠᠩ ᠵᠢᠶᠧ ᠂ ᠬᠣᠲᠠ ᠵᠢᠨ ᠠᠷᠠᠳᠲᠤ ᠬᠢᠵᠢᠭ ᠤ᠋ᠨ ᠪᠠᠢᠳᠠᠯ ᠳ᠋ᠤ ᠱᠢᠨᠵᠢᠯᠡᠬᠦ᠌ ᠤᠬᠠᠭᠠᠨᠴᠢᠪᠠᠷ ᠬᠠᠨᠳᠤᠵᠤ᠂ ᠠᠶᠤᠵᠤ ᠰᠠᠨᠳᠤᠷᠬᠤ ᠭᠡᠷᠡᠭ ᠦᠭᠡᠢ᠂ ᠪᠥᠭᠡᠮ ᠬᠦᠴᠢᠯ ᠤ᠋ᠨ ᠪᠠᠢᠴᠠᠭᠠᠯᠲᠠ ᠥᠷᠨᠢᠭᠦᠯᠬᠦ᠌ᠳᠦ ᠬᠠᠮᠵᠢᠯᠴᠠᠬᠤ ᠶ᠋ᠢ ᠢᠳᠡᠪᠬᠢᠲᠡᠶ ᠳᠡᠮᠵᠢᠵᠦ᠍᠂ ᠬᠡᠷ ᠪᠦᠯᠢ ᠵᠢᠨ ᠪᠦᠷᠢᠯᠳᠦᠬᠦᠨ ᠤ᠋ ᠪᠠᠢᠴᠠᠭᠠᠬᠤ ᠶᠣᠰᠣᠲᠠᠶ ᠶ᠋ᠢᠨᠢ ᠪᠦᠬᠦᠨ ᠢ᠋ ᠪᠠᠢᠴᠠᠭᠠᠵᠤ᠂ ᠨᠢᠭᠡ ᠬᠥᠮᠦᠨ ᠢ᠋ ᠴᠦ᠍ ᠣᠷᠬᠢᠭ᠍ᠳᠠᠭᠤᠯᠬᠤ ᠥᠬᠡᠶ ᠪᠠᠢᠬᠤ ᠶ᠋ᠢ ᠪᠠᠲᠤᠯᠠᠬᠤ ᠬᠡᠷᠡᠭ᠌ᠲᠡᠶ᠃ ᠨᠠᠰᠤᠲᠠᠨ᠂ ᠨᠢᠯᠬ᠎ᠠ ᠲᠡᠶ ᠭᠡᠷ ᠪᠥᠯᠢ ᠵᠢᠨ ᠭᠢᠨ ᠠᠰᠠᠷᠠᠴᠠ ᠪᠠᠭᠤᠵᠤ ᠪᠥᠭᠡᠮ ᠬᠦᠴᠢᠯ ᠤ᠋ᠨ ᠦᠯᠢᠭᠡᠷ ᠠᠪᠬᠤ ᠳ᠋ᠤ ᠳᠥᠭᠥᠮ ᠦᠭᠡᠢ ᠪᠠᠢᠪᠠᠯ᠂ ᠡᠷᠬᠡᠪᠰᠢ ᠴᠠᠭ ᠲᠤᠬᠠᠢ ᠳ᠋ᠤᠨᠢ ᠠᠰᠠᠷ ᠤ᠋ᠨ ᠳᠠᠷᠤᠭ᠎ᠠ᠂ ᠲᠣᠣᠷᠵᠢᠭᠤᠯᠤᠭᠰᠠᠨ ᠬᠠᠮᠢᠶᠠᠷᠤᠯᠲᠠ ᠵᠢᠨ ᠠᠵᠢᠯᠲᠠᠨ ᠵᠡᠷᠭᠡ ᠠᠵᠢᠯᠲᠠᠨᠲᠠᠶ ᠬᠠᠷᠢᠯᠴᠠᠬᠤ ᠬᠡᠷᠡᠭ᠌ᠲᠡᠢ ᠬᠡᠵᠦ ᠰᠠᠨᠠᠭᠤᠯᠪᠠ᠃
ᠥᠷᠭᠡᠨ ᠣᠯᠠᠨ ᠬᠣᠲᠠ ᠵᠢᠨ ᠠᠷᠠᠳ ᠬᠤᠪᠢ ᠬᠥᠮᠦᠨ ᠤ᠋ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠᠪᠠᠨ ᠰᠠᠨᠠᠭᠠᠴᠢᠯᠠᠭᠠᠠᠴᠠᠪᠠᠨ ᠨᠠᠢᠳᠠᠪᠤᠷᠢᠵᠢᠭᠤᠯᠵᠤ᠂ ᠬᠤᠪᠢ ᠬᠥᠮᠦᠨ ᠤ᠋ ᠰᠡᠷᠭᠡᠢᠯᠡᠯᠲᠡ ᠬᠠᠮᠠᠭᠠᠯᠠᠯᠲᠠ ᠶ᠋ᠢ ᠰᠠᠢᠲᠤᠷ ᠬᠢᠬᠦ᠌ ᠶ᠋ᠢ ᠪᠠᠷᠢᠮᠲᠠᠯᠠᠨ᠂ ᠳᠤᠭᠤᠷᠢᠵᠦ ᠴᠤᠭᠯᠠᠷᠠᠬᠤ ᠪᠡᠨ ᠴᠦᠬᠡᠳᠬᠡᠵᠦ᠂ ᠡᠷᠡᠭᠦᠯ ᠮᠡᠨᠳᠦ᠍ ᠵᠢᠨ ᠬᠢᠨᠠᠨ ᠬᠡᠮᠵᠢᠯᠲᠡ ᠪᠡᠨ ᠴᠢᠩᠭᠠᠳᠭᠠᠬᠤ ᠬᠡᠷᠡᠭ᠌ᠲᠡᠶ᠃ ᠡᠵᠡᠮᠳᠡᠨ ᠬᠠᠮᠢᠶᠠᠷᠴᠤ ᠪᠤᠢ ᠰᠠᠭᠤᠭᠠᠯᠢ ᠠᠷᠠᠳ ᠤ᠋ᠨ ᠲᠤᠭᠤᠷᠢᠭ ᠪᠠ ᠪᠤᠰᠤᠳ ᠤᠷᠤᠨ ᠲᠤᠭᠤᠷᠢᠭ ᠤ᠋ᠨ ᠬᠦᠮᠦᠰ ᠴᠤ᠌ ᠭᠠᠳᠠᠭᠰᠢ ᠭᠠᠷᠬᠤᠪᠡᠨ ᠪᠠᠭᠠᠰᠬᠠᠨ᠂ ᠴᠤᠭᠯᠠᠷᠠᠬᠤ ᠪᠡᠨ ᠪᠠᠭᠠᠰᠬᠠᠨ᠂ ᠠᠢᠯ ᠲᠤᠭᠤᠷᠢᠬᠤ ᠥᠬᠡᠶ᠂ ᠬᠠᠮᠲᠤ ᠬᠣᠭᠣᠯᠠᠯᠠᠬᠤ ᠥᠬᠡᠶ ᠪᠠᠢᠬᠤ ᠬᠡᠷᠡᠭ᠌ᠲᠡᠶ᠃ ᠭᠠᠳᠠᠭ᠍ᠰᠢ ᠭᠠᠷᠬᠤᠳᠠᠭᠠᠨ ᠠᠮᠠᠪᠴᠢ ᠵᠡᠭᠦᠬᠦ᠌᠂ ᠭᠠᠷ ᠵᠢᠡᠨ ᠦᠷᠭᠦᠯᠵᠢ ᠤᠬᠢᠶᠠᠬᠤ᠂ ᠨᠢᠭᠡ ᠮᠧᠲ᠋ᠷ ᠤ᠋ᠨ ᠵᠠᠶ ᠶ᠋ᠢ ᠪᠠᠲᠤᠯᠠᠬᠤ ᠵᠡᠷᠭᠡ ᠰᠠᠢᠨ ᠰᠠᠢᠬᠠᠨ ᠡᠷᠡᠭᠦᠯ ᠬᠠᠮᠠᠭᠠᠯᠠᠯ ᠤ᠋ᠨ ᠳᠠᠳᠭᠠᠯ ᠢ᠋ ᠪᠠᠷᠢᠮᠲᠠᠯᠠᠬᠤ ᠬᠡᠷᠡᠭ᠌ᠲᠡᠶ᠃ ᠭᠠᠳᠠᠭ᠍ᠰᠢ ᠭᠠᠷᠴᠤ ᠬᠡᠷᠲᠡᠬᠡᠨ ᠬᠠᠷᠢᠭ᠍ᠰᠠᠨᠤ ᠳᠠᠷᠠᠭ᠎ᠠ ᠡᠷᠬᠡᠪᠰᠢ ᠭᠠᠷ ᠵᠢᠡᠨ ᠰᠠᠢᠲᠤᠷ ᠠᠷᠢᠭᠤᠳᠭᠠᠵᠤ᠂ ᠲᠦᠷᠭᠡᠨ ᠭᠤᠪᠢᠭᠤᠯᠭ᠎ᠠ ᠵᠢᠨ ᠪᠤᠭᠤᠳᠠᠯ ᠪᠠᠭᠯᠠᠭ᠎ᠠ ᠶ᠋ᠢ ᠵᠠᠳᠠᠯᠵᠤ ᠠᠪᠬᠤᠳᠠᠭᠠᠨ ᠰᠠᠢᠲᠤᠷ ᠠᠷᠢᠭᠤᠳᠭᠠᠬᠤ ᠬᠡᠷᠡᠭ᠌ᠲᠡᠶ᠃ ᠬᠡᠷ ᠪᠦᠯᠢ ᠵᠢᠨ ᠣᠷᠴᠢᠨ ᠲᠣᠭᠣᠷᠢᠨ ᠳ᠋ᠤ ᠰᠠᠯᠬᠢ ᠨᠡᠪᠲᠡᠷᠡᠭᠦᠯᠬᠦ᠌ ᠠᠵᠢᠯ ᠢ᠋ ᠰᠠᠢᠲᠤᠷ ᠬᠢᠬᠦ᠌ ᠬᠡᠷᠡᠭ᠌ᠲᠡᠶ᠂ ᠣᠢᠷ᠎ᠠ ᠳ᠋ᠤ ᠬᠥᠬᠡᠬᠣᠲᠠ ᠬᠦᠢᠲᠡᠷᠡᠭᠰᠡᠨᠪᠤᠯᠬᠤᠷ᠂ ᠨᠡᠷᠡᠨ ᠤ᠋ ᠬᠡᠷᠡᠯ ᠨᠡᠯᠢᠶᠡᠳ ᠭᠦᠶ᠋ᠴᠡᠳ ᠪᠠᠢᠳᠠᠯ ᠳ᠋ᠤ ᠭᠡᠷ ᠲᠡᠭᠡᠨ 10 ᠡᠴᠡ 20 ᠮᠢᠨᠦ᠋ᠲ ᠰᠠᠯᠬᠢ ᠨᠡᠪᠲᠡᠷᠡᠭᠦᠯᠵᠦ᠍ ᠪᠣᠯᠤᠨ᠎ᠠ ᠭᠡᠵᠤ ᠲᠡᠷᠨ ᠬᠥᠰᠡᠭᠰᠡᠨ ᠪᠠᠢᠨ᠎ᠠ ᠃
ᠡᠭᠦᠨᠡᠴᠡ ᠭᠠᠳᠠᠨ᠎ᠠ᠂ ᠬᠣᠲᠠ ᠵᠢᠨ ᠠᠷᠠᠳ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠶ᠋ᠢ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠠᠢ᠃ ᠬᠠᠯᠠᠭᠤᠷᠠᠬᠤ᠂ ᠬᠠᠨᠢᠶᠠᠯᠭᠠᠬᠤ ᠵᠡᠷᠭᠡ ᠬᠠᠮᠢᠶ᠎ᠠ ᠪᠥᠬᠥᠶ ᠡᠪᠡᠳᠴᠢᠨ ᠤ᠋ ᠢᠯᠡᠷᠡᠯᠲᠡᠶ ᠪᠣᠯ ᠪᠤᠰᠤᠳ ᠲᠠᠢ ᠶᠠᠭᠠᠬᠢᠭᠰᠠᠨ ᠴᠤ᠌ ᠣᠢᠷᠠᠲᠤᠵᠤ ᠪᠣᠯᠬᠤ ᠥᠬᠡᠶ᠂ ᠬᠤᠪᠢ ᠬᠥᠮᠦᠨ ᠤ᠋ ᠰᠡᠷᠭᠡᠢᠯᠡᠯᠲᠡ ᠬᠠᠮᠠᠭᠠᠯᠠᠯᠲᠠᠪᠠᠨ ᠰᠠᠢᠲᠤᠷ ᠬᠢᠭ᠌ᠰᠡᠨ ᠤᠷᠢᠲᠠᠯ ᠳᠤᠤᠷ᠎ᠠ ᠴᠠᠭ ᠲᠤᠬᠠᠶ ᠳ᠋ᠤᠨᠢ ᠬᠠᠯᠠᠭᠤᠷᠠᠯ ᠤ᠋ᠨ ᠡᠭᠦᠳᠡᠨ ᠡᠮᠨᠡᠯᠭᠡᠳᠦ ᠬᠦᠷᠴᠦ᠍ ᠡᠪᠡᠳᠴᠢᠨ ᠵᠢᠡᠨ ᠦᠵᠡᠭᠦᠯᠤᠨ᠎ᠠ᠂ ᠠᠯᠢ ᠴᠢᠳᠠᠬᠤᠪᠠᠷ ᠬᠤᠪᠢ ᠵᠢᠨ ᠮᠠᠱᠢᠨ ᠲᠡᠷᠭᠡ ᠪᠡᠷ ᠬᠥᠷᠴᠤ᠂ ᠬᠡᠷᠪᠡ ᠨᠡᠯᠢᠶᠡᠳ ᠣᠢᠷᠠᠬᠠᠨ ᠪᠤᠯ ᠠᠮᠠᠪᠴᠢ ᠵᠡᠭᠦᠵᠦ᠍ ᠶᠠᠪᠠᠭᠠᠨ ᠶᠠᠪᠤᠵᠤ᠂ ᠣᠯᠠᠨ ᠨᠡᠢᠲᠡ ᠵᠢᠨ ᠵᠠᠮ ᠬᠠᠷᠢᠯᠴᠠᠭ᠎ᠠ ᠪᠡᠷ ᠶᠠᠪᠤᠬᠤ ᠪᠠ ᠬᠥᠮᠦᠨᠲᠡᠶ ᠣᠢᠷᠠᠲᠤᠬᠤ ᠪᠠᠢᠳᠠᠯ ᠢ᠋ ᠪᠠᠭᠠᠰᠭᠠᠬᠤ ᠬᠡᠷᠡᠭᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃