ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-23 11:01:15

ᠵᠣᠬᠢᠶᠠᠭ᠍ᠴᠢ᠄ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 2 ᠰᠠᠷ᠎ᠠ᠎ᠶ᠋ᠢᠨ 22 ᠎ᠤᠨ ᠡᠳᠦᠷ ᠶᠠᠪᠤᠭ᠍ᠳᠠᠭ᠍ᠰᠠᠨ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠲᠣᠭ᠍ᠲᠠᠴᠠ᠎ᠶ᠋ᠢᠨ ᠠᠵᠢᠯ᠎ᠤᠨ ᠳᠤᠭᠤᠢᠯᠠᠩ ᠨᠢᠭᠡᠨᠲᠡ ᠤᠯᠤᠰ᠎ᠤᠨ ᠲᠠᠰ᠎ᠤᠨ ᠡᠮᠴᠢᠯᠡᠭᠡᠨ᠎ᠦ ᠠᠪᠤᠷᠠᠨ ᠵᠠᠰᠠᠬᠤ 8 ᠲᠤᠰᠭᠠᠶ ᠮᠡᠷᠭᠡᠵᠢᠯᠲᠡᠨ᠎ᠢ ᠲᠣᠮᠢᠯᠠᠨ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠤᠷᠤᠵᠤ ᠰᠠᠭᠤᠯᠭᠠᠬᠤ᠎ᠶ᠋ᠢᠨ ᠬᠠᠮᠲᠤ᠂ ᠪᠥᠬᠥ᠌ ᠣᠷᠣᠨ᠎ᠤ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠣᠷᠢᠶ᠎ᠠ᠎ᠠᠴᠠ 292 ᠡᠮᠴᠢ ᠰᠤᠪᠢᠯᠠᠭ᠍ᠴᠢ᠎ᠶ᠋ᠢ ᠰᠣᠩᠭᠣᠨ ᠲᠣᠮᠢᠯᠠᠵᠤ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠶ᠋ᠢ ᠲᠤᠰᠠᠯᠠᠬᠤ ᠠᠵᠢᠯ᠎ᠢ ᠥᠷᠨᠢᠭᠦᠯᠦᠭᠰᠡᠨ ᠪᠠᠢᠨ᠎ᠠ᠃

ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠵᠢᠯᠣᠭᠣᠳᠣᠯᠭ᠎ᠠ ᠳᠤᠤᠷ᠎ᠠ᠂ ᠡᠮᠨᠡᠯᠭᠡ᠎ᠶ᠋ᠢᠨ ᠬᠣᠷᠢᠶ᠎ᠠ᠎ᠨᠢ ᠡᠪᠡᠳᠴᠢᠲᠡᠨ᠎ᠢ ᠲᠣᠭᠣᠷᠢᠭ ᠬᠤᠪᠢᠶᠠᠨ ᠭᠥᠯᠢᠶᠡᠨ ᠠᠪᠴᠤ᠌ ᠡᠮᠨᠡᠨ ᠵᠠᠰᠠᠵᠤ᠂ ᠲᠥᠷᠥᠯ ᠬᠤᠪᠢᠶᠠᠨ ᠬᠠᠮᠢᠶᠠᠷᠴᠤ᠌᠂ ᠡᠮᠨᠡᠨ ᠵᠠᠰᠠᠬᠤ ᠪᠣᠭᠣᠮᠲᠠ᠎ᠶ᠋ᠢ ᠤᠷᠤᠭᠰᠢ ᠰᠢᠯᠵᠢᠭᠦᠯᠵᠤ᠂ ᠭᠤᠤᠯᠳᠠᠯᠭ᠎ᠠ᠎ᠲᠠᠶ ᠡᠪᠡᠳᠴᠢᠲᠡᠨ᠎ᠦ ᠡᠪᠡᠳᠴᠢᠨ᠎ᠦ ᠪᠠᠢᠳᠠᠯ᠎ᠤᠨ ᠬᠤᠪᠢᠷᠠᠯᠲᠠ᠎ᠶ᠋ᠢ ᠬᠥᠳᠡᠯᠦᠩᠭᠦᠶ᠎ᠪᠡᠷ ᠠᠵᠢᠭ᠍ᠯᠠᠵᠤ᠂ ᠡᠪᠡᠳᠴᠢᠲᠡᠨ᠎ᠤ ᠡᠷᠲᠡ᠎ᠡᠴᠡ ᠰᠡᠷᠡᠮᠵᠢᠯᠡᠬᠦ᠌᠎ᠶ᠋ᠢ ᠴᠢᠬᠤᠯᠠᠴᠢᠯᠠᠵᠤ ᠪᠤᠢ᠃ ᠡᠮᠨᠡᠨ ᠵᠠᠰᠠᠬᠤ᠎ᠳᠤᠮᠳᠠ᠎ᠡᠯᠢᠭᠡᠲᠡᠨ᠎ᠬᠡᠪᠲᠡᠵᠦ᠍᠎ᠬᠡᠢ᠎ᠨᠡᠪᠲᠡᠷᠡᠭᠦᠯᠬᠦ᠌᠂᠎ᠠᠮᠢᠰᠭᠤᠯ᠎ᠢᠶᠠᠷ᠎ᠳᠡᠮᠵᠢᠬᠦ᠌᠂᠎ᠱᠢᠮ᠎ᠡ᠎ᠲᠡᠵᠢᠭᠡᠯ᠎ᠢᠶᠡᠷ ᠳᠡᠮᠵᠢᠬᠦ᠌᠂ ᠡᠪᠡᠳᠴᠢᠨ᠎ᠳᠦᠨᠢ ᠲᠠᠭᠠᠷᠠᠭᠤᠯᠵᠤ ᠥᠪᠡᠷᠮᠢᠴᠡᠯᠡᠨ ᠵᠠᠰᠠᠬᠤ᠂ ᠬᠢᠲᠠᠳ ᠧᠦ᠋ᠷᠣᠫᠠ ᠡᠮᠨᠡᠯᠭᠡ᠎ᠪᠡᠷ ᠶᠡᠷᠦᠩᠬᠡᠢᠯᠡᠨ ᠵᠠᠰᠠᠵᠤ ᠪᠠᠢᠨ᠎ᠠ᠃ ᠬᠦᠨᠳᠦ ᠡᠪᠡᠳᠴᠢᠲᠡᠨ᠎ᠢ ᠠᠪᠤᠷᠠᠨ ᠵᠠᠰᠠᠬᠤ᠎ᠳᠤ ᠨᠢᠭᠡ ᠬᠥᠮᠦᠨ᠎ᠳᠦ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢᠨ ᠬᠠᠮᠲᠤ ᠣᠯᠠᠨ ᠱᠢᠨᠵᠢᠯᠡᠭᠡᠨ᠎ᠦ ᠰᠠᠯᠠᠭ᠎ᠠ᠎ᠶ᠋ᠢᠨ᠎ᠣᠨᠣᠱᠢᠯᠠᠨ᠎ᠡᠮᠨᠡᠬᠦ᠌᠎ᠪᠠ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠥᠷᠨᠢᠭᠦᠯᠵᠦ᠍᠂ ᠬᠦᠨᠳᠦ ᠡᠪᠡᠳᠴᠢᠲᠡᠨ᠎ᠢ ᠡᠳᠡᠭᠡᠷᠡᠭᠦᠯᠬᠦ᠌ ᠨᠣᠷᠮ᠎ᠠ ᠪᠠ ᠡᠳᠡᠭᠡᠷᠡᠭᠦᠯᠬᠦ᠌ ᠳᠦᠪᠰᠢᠨ᠎ᠢ ᠬᠠᠮᠤᠭ᠎ᠤᠨ ᠶᠡᠬᠡ᠎ᠪᠠᠷ ᠴᠢᠷᠮᠠᠢᠨ᠎ᠳᠡᠭᠡᠭ᠌ᠰᠢᠯᠡᠭᠦᠯᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面