ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-23 10:12:08

ᠵᠣᠬᠢᠶᠠᠭ᠍ᠴᠢ᠄ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 22 ᠎ᠤᠨ ᠡᠳᠦᠷ᠎ᠦᠨ 16 ᠴᠠᠭ᠎ᠲᠤ ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ᠂ 2 ᠰᠠᠷ᠎ᠠ᠎ᠶ᠋ᠢᠨ 22 ᠎ᠤᠨ ᠡᠳᠦᠷ᠎ᠦᠨ 14 ᠴᠠᠭ ᠪᠣᠯᠲᠠᠯ᠎ᠠ ᠬᠥᠬᠡᠬᠣᠲᠠ᠎ᠳᠦ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠢ᠎ᠡ ᠨᠡᠢ᠌ᠳᠡ 199 ᠪᠠᠢᠨ᠎ᠠ ᠭᠡᠵᠦ ᠨᠠᠢᠳᠡᠯᠡᠪᠠ᠃ ᠣᠳᠣᠬᠠᠨ᠎ᠳᠤ᠂ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ᠎ᠵᠢ ᠴᠥᠮ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ (ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠤᠷᠤᠨ ᠎ᠤ ᠳᠥᠷᠪᠡᠳᠦᠭᠡᠷ ᠡᠮᠨᠡᠯᠭᠡ᠎ᠶ᠋ᠢᠨ ᠬᠣᠷᠢᠶ᠎ᠠ)᠎ᠳ᠋ᠤ ᠲᠤᠰᠠᠭᠠᠷᠯᠠᠨ ᠡᠮᠨᠡᠭᠦᠯᠵᠦ᠍ ᠪᠠᠢᠨ᠎ᠠ᠃ ᠲᠤᠰᠭᠠᠶ ᠮᠡᠷᠭᠡᠵᠢᠯᠲᠡᠨ᠎ᠦ ᠬᠠᠮᠲᠤᠷᠠᠨ ᠣᠨᠣᠱᠢᠯᠠᠭ᠍ᠰᠠᠨ᠎ᠢᠶᠠᠷ ᠂ 69 ᠡᠪᠡᠳᠴᠢᠨ᠎ᠦ ᠵᠢᠱ᠌ᠢᠶ᠎ᠡ ᠨᠢ ᠡᠩ᠎ᠦᠨ ᠬᠡᠯᠪᠡᠷᠢ᠎ᠶ᠋ᠢᠨ ᠂ 123 ᠡᠪᠡᠳᠴᠢᠨ᠎ᠦ ᠵᠢᠱ᠌ᠢᠶ᠎ᠡ ᠨᠢ ᠬᠥᠩᠭᠡᠨ ᠬᠡᠯᠪᠡᠷᠢ᠎ᠶ᠋ᠢᠨ᠂ 6 ᠡᠪᠡᠳᠴᠢᠨ᠎ᠦ ᠵᠢᠱ᠌ᠢᠶ᠎ᠡ ᠨᠢ ᠬᠦᠨᠳᠦ ᠬᠡᠯᠪᠡᠷᠢ᠎ᠵᠢᠨ᠂ 1 ᠡᠪᠡᠳᠴᠢᠨ᠎ᠦ ᠵᠢᠱ᠌ᠢᠶ᠎ᠡ ᠨᠢ ᠬᠦᠨᠳᠦ ᠲᠦᠭ᠌ᠰᠢᠭᠦᠷᠢᠲᠡᠶ ᠬᠡᠯᠪᠡᠷᠢ᠎ᠵᠢᠨ ᠪᠠᠢᠵᠦ᠂ ᠥᠭᠦᠭ᠌ᠰᠡᠨ ᠡᠪᠡᠳᠴᠢᠨ᠎ᠦ ᠵᠢᠱ᠌ᠢᠶ᠎ᠡ ᠭᠠᠷᠤᠭᠰᠠᠨ ᠥᠬᠡᠶ᠃ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ᠎ᠵᠢᠨ ᠬᠠᠮᠤᠭ᠎ᠤᠨ ᠪᠠᠭ᠎ᠠ᠎ᠨᠢ 2 ᠨᠠᠰᠤᠲᠠᠶ ᠂ ᠬᠠᠮᠤᠭ᠎ᠤᠨ ᠶᠡᠬᠡ ᠨᠢ 85 ᠨᠠᠰᠤᠲᠠᠶ ᠪᠠᠢᠵᠦ᠂ 60 ᠨᠠᠰᠤᠨ᠎ᠠᠴᠠ ᠳᠡᠭᠡᠭ᠌ᠰᠢᠬᠢ ᠨᠠᠰᠤᠲᠠᠨ 57 ᠂ 80 ᠨᠠᠰᠤᠨ᠎ᠠᠴᠠ ᠳᠡᠭᠡᠭ᠌ᠰᠢᠬᠢ ᠨᠠᠰᠤᠲᠠᠨ 6 ᠪᠤᠢ᠃

ᠬᠥᠬᠡᠬᠣᠲᠠ᠎ᠵᠢᠨ ᠬᠢᠨ 《ᠠᠷᠠᠳ ᠲᠦᠮᠡᠨ᠎ᠢ ᠳᠡᠭᠡᠳᠦᠯᠡᠬᠦ᠌ ᠂ ᠠᠮᠢ ᠨᠠᠰᠤ᠎ᠶ᠋ᠢ ᠳᠡᠭᠡᠳᠦᠯᠡᠬᠦ᠌》 ᠣᠢᠯᠠᠭᠠᠭ᠍ᠳᠠᠬᠤᠨ᠎ᠢ ᠢᠮᠠᠭ᠍ᠲᠠ ᠪᠠᠷᠢᠮᠲᠠᠯᠠᠵᠤ ᠂ ᠡᠪᠡᠳᠴᠢᠲᠡᠨ᠎ᠢ ᠲᠥᠪᠯᠡᠷᠡᠭᠦᠯᠬᠦ᠌ ᠂ ᠲᠤᠰᠭᠠᠢ ᠮᠡᠷᠭᠡᠵᠢᠯᠲᠡᠨ᠎ᠢ ᠲᠥᠪᠯᠡᠷᠡᠭᠦᠯᠬᠦ᠌ ᠂ ᠡᠬᠢ ᠪᠠᠶᠠᠯᠢᠭ᠎ᠢ ᠲᠥᠪᠯᠡᠷᠡᠭᠦᠯᠬᠦ᠌ ᠂ ᠲᠥᠪᠯᠡᠷᠡᠭᠦᠯᠦᠨ ᠠᠪᠤᠷᠠᠨ ᠵᠠᠰᠠᠬᠤ 《 ᠲᠦᠷᠪᠡ᠎ᠶ᠋ᠢ ᠲᠥᠪᠯᠡᠷᠡᠭᠦᠯᠬᠦ᠌ 》 ᠵᠠᠷᠴᠢᠮ᠎ᠢ ᠪᠠᠷᠢᠮᠲᠠᠯᠠᠵᠤ ᠂ ᠡᠪᠡᠳᠴᠢᠲᠡᠨ᠎ᠢ ᠠᠪᠤᠷᠠᠨ ᠡᠮᠨᠡᠬᠦ ᠠᠵᠢᠯ᠎ᠢ ᠪᠦᠬᠦ᠌ ᠬᠦᠴᠦᠨ᠎ᠢᠶᠡᠷ᠎ᠢᠶᠡᠨ ᠴᠢᠩᠭᠠᠳᠭᠠᠵᠤ ᠪᠠᠢᠨ᠎ᠠ᠃ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠠᠴᠠ ᠨᠢᠭᠡᠨᠲᠡ ᠤᠯᠤᠰ᠎ᠤᠨ ᠲᠠᠰ᠎ᠤᠨ ᠡᠮᠴᠢᠯᠡᠭᠡᠨ᠎ᠦ ᠡᠮᠨᠡᠨ ᠠᠪᠤᠷᠠᠬᠤ 8 ᠲᠤᠰᠭᠠᠶ ᠮᠡᠷᠭᠡᠵᠢᠯᠲᠡᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠲᠣᠮᠢᠯᠠᠨ ᠰᠠᠭᠤᠯᠭᠠᠵᠤ ᠂ ᠲᠠᠷᠠᠴᠢᠯᠠᠨ ᠪᠥᠬᠥ᠌ ᠣᠷᠣᠨ᠎ᠤ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠣᠷᠢᠶ᠎ᠠ᠎ᠠᠴᠠ 292 ᠡᠮᠴᠢ ᠰᠤᠪᠢᠯᠠᠭ᠍ᠴᠢ᠎ᠶ᠋ᠢ ᠱᠢᠯᠵᠢᠭᠦᠯᠦᠨ ᠲᠣᠮᠢᠯᠠᠵᠤ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠶ᠋ᠢᠨ ᠬᠢᠨ᠎ᠢ ᠲᠠᠮᠵᠢᠨ ᠠᠵᠢᠯᠯᠠᠵᠦ ᠪᠠᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠵᠢᠯᠣᠭᠣᠳᠣᠯᠭ᠎ᠠ ᠳᠤᠤᠷ᠎ᠠ᠂ ᠡᠪᠡᠳᠴᠢᠲᠡᠨ᠎ᠳᠦ ᠣᠷᠣᠨ ᠬᠤᠪᠢᠶᠠᠨ ᠭᠥᠯᠢᠶᠡᠨ ᠠᠪᠴᠤ᠌ ᠡᠮᠨᠡᠬᠦ᠂ ᠲᠥᠷᠥᠯ ᠬᠤᠪᠢᠶᠠᠨ ᠬᠠᠮᠢᠶᠠᠷᠬᠤ᠎ᠶ᠋ᠢ ᠬᠡᠷᠡᠭ᠌ᠵᠢᠭᠦᠯᠵᠤ᠂ ᠭᠤᠤᠯᠳᠠᠯᠭ᠎ᠠ᠎ᠲᠠᠶ ᠡᠪᠡᠳᠴᠢᠲᠡᠨ᠎ᠦ ᠡᠪᠡᠳᠴᠢᠨ᠎ᠤ ᠬᠤᠪᠢᠷᠠᠯᠳᠠ᠎ᠵᠢ ᠬᠥᠳᠡᠯᠦᠩᠭᠦᠶ ᠪᠡᠷ ᠠᠵᠢᠭ᠍ᠯᠠᠵᠤ᠂ ᠡᠪᠡᠳᠴᠢᠲᠡᠨ᠎ᠦ ᠠᠡᠭᠬᠠᠨ᠎ᠤ ᠬᠤᠭᠤᠴᠠᠭᠠᠨ᠎ᠤ ᠤᠷᠢᠳᠴᠢᠯᠠᠨ ᠰᠡᠷᠡᠮᠵᠢᠯᠡᠭᠦᠯᠦᠯ᠎ᠢ ᠴᠢᠬᠤᠯᠠᠴᠢᠯᠠᠪᠠ᠃ ᠡᠮᠨᠡᠬᠦ ᠶᠠᠪᠤᠴᠠ᠎ᠳᠦ ᠡᠯᠢᠭᠡᠲᠡᠨ ᠬᠡᠪᠲᠡᠬᠦᠯᠵᠤ ᠬᠡᠢ ᠨᠡᠪᠲᠡᠷᠡᠬᠦᠯᠬᠦ᠂ ᠠᠮᠢᠰᠭᠤᠯ᠎ᠢᠶᠠᠷ ᠳᠡᠮᠵᠢᠬᠦ᠌ ᠂ ᠱᠢᠮ᠎ᠡ ᠲᠡᠵᠢᠭᠡᠯ᠎ᠢᠶᠡᠷ ᠳᠡᠮᠵᠢᠬᠦ᠌᠂ ᠦᠪᠡᠷᠮᠢᠴᠠ ᠤᠨᠴᠠᠯᠢᠭ ᠲᠠᠢ ᠪᠡᠷ ᠡᠪᠡᠳᠴᠢᠨ᠎ᠳᠦᠨᠢ ᠳᠤᠬᠢᠷᠠᠭᠤᠯᠵᠦ ᠡᠮᠨᠡᠬᠦ ᠂ ᠬᠢᠲᠠᠳ ᠧᠦ᠋ᠷᠣᠫᠠ ᠡᠮᠨᠡᠯᠭᠡ᠎ᠪᠡᠷ ᠶᠡᠷᠦᠩᠬᠡᠢᠯᠡᠨ ᠵᠠᠰᠠᠵᠤ ᠪᠤᠢ᠃ ᠬᠦᠨᠳᠦ ᠡᠪᠡᠳᠴᠢᠲᠡᠨ᠎ᠢ ᠡᠮᠨᠡᠨ ᠠᠪᠤᠷᠠᠬᠤ᠎ᠳᠠᠭᠠᠨ ᠨᠢᠭᠡ ᠬᠥᠮᠦᠨ᠎ᠳᠦ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠤᠨ ᠤᠨᠤᠴᠠᠳᠠᠢ ᠵᠠᠰᠠᠬᠤ᠎ᠵᠢᠨ ᠬᠠᠮᠲᠤ ᠣᠯᠠᠨ ᠱᠢᠨᠵᠢᠯᠡᠭᠡᠨ᠎ᠦ ᠰᠠᠯᠠᠭ᠎ᠠ᠎ᠶ᠋ᠢᠨ ᠣᠨᠣᠱᠢᠯᠨᠨ ᠡᠮᠨᠡᠬᠦ ᠪᠠ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠬᠡᠷᠡᠭᠵᠢᠬᠦᠯᠵᠦ᠂ ᠬᠦᠨᠳᠦ ᠡᠪᠡᠳᠴᠢᠲᠡᠨ᠎ᠢ ᠢᠯᠡᠷᠢᠰᠢᠭᠤᠯᠬᠤ ᠨᠣᠷᠮ᠎ᠠ ᠪᠠ ᠢᠯᠡᠷᠢᠰᠢᠭᠤᠯᠬᠤ ᠬᠢᠷᠢ ᠲᠦᠪᠰᠢᠨ᠎ᠢ ᠬᠠᠮᠤᠭ᠎ᠤᠨ ᠶᠡᠭᠡ ᠪᠠᠷ ᠬᠦᠴᠤᠯᠠᠨ ᠳᠡᠭᠡᠭ᠌ᠰᠢᠯᠡᠭᠦᠯᠵᠦ ᠪᠠᠢᠨ᠎ᠠ ᠃

ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠱᠢᠨ᠎ᠡ ᠲᠢᠲᠢᠮᠯᠢᠭ᠎ᠠᠭᠤᠰᠭᠢᠨ᠎ᠦᠷᠪᠢᠰᠦᠯ᠎ᠦᠨ᠎ᠬᠢᠵᠢᠭ᠎ᠦᠨ᠎ᠪᠠᠢᠳᠠᠯ᠎ᠢ᠎ᠣᠷᠣᠨ᠎ᠬᠤᠪᠢᠶᠠᠨ ᠲᠠᠰ ᠬᠤᠪᠢᠶᠠᠬᠤ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠵᠦ᠍ ᠣᠨᠣᠪᠴᠢᠲᠠᠶ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌ ᠲᠤᠬᠠᠶ ᠲᠣᠭ᠍ᠲᠠᠭᠠᠯ ᠶᠣᠰᠣᠭᠠᠷ᠂ ᠬᠥᠬᠡᠬᠣᠲᠠ᠎ᠵᠢᠨ ᠬᠢᠨ ᠳᠤᠮᠳᠠ ᠪᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠳᠤ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠬᠦ᠌᠎ᠶ᠋ᠢᠨ ᠬᠠᠮᠲᠤ ᠭᠤᠤᠯᠳᠠᠯᠭ᠎ᠠ᠎ᠲᠠᠶ ᠭᠠᠵᠠᠷ ᠤᠷᠤᠨ᠎ᠳᠦ ᠪᠢᠲᠡᠭᠦᠮᠵᠢᠯᠡᠨ ᠬᠠᠮᠢᠶᠠᠷᠤᠨ ᠡᠵᠡᠮᠳᠡᠬᠦ᠌᠎ᠶ᠋ᠢ ᠬᠡᠷᠡᠭ᠌ᠵᠢᠭᠦᠯᠪᠡ᠃ 2022 ᠣᠨ᠎ᠤ 2 ᠰᠠᠷ᠎ᠠ᠎ᠶ᠋ᠢᠨ 22 ᠎ᠤ᠋ᠨ ᠡᠳᠦᠷ᠎ᠦᠨ 14 ᠴᠠᠭ ᠪᠣᠯᠲᠠᠯ᠎ᠠ᠂ ᠬᠦᠬᠡᠬᠣᠲᠠ᠎ᠳᠤ ᠨᠡᠢᠲᠡ 3 ᠦᠨᠳᠦᠷ ᠲᠦᠭ᠌ᠰᠢᠭᠦᠷᠢᠳᠠᠢ ᠭᠠᠵᠠᠷ ᠣᠷᠣᠨ᠂ 50 ᠳᠤᠮᠳᠠ ᠲᠦᠭ᠌ᠰᠢᠭᠦᠷᠢᠲᠡᠶ ᠭᠠᠵᠠᠷ ᠣᠷᠣᠨ᠂ 81 ᠪᠢᠲᠡᠭᠦᠮᠵᠢᠯᠡᠨ ᠬᠠᠮᠢᠶᠠᠷᠤᠨ ᠡᠵᠡᠮᠳᠡᠬᠦ ᠰᠠᠭᠤᠭᠠᠯᠢ ᠠᠷᠠᠤᠨ ᠎ᠤᠨ ᠲᠤᠭᠤᠷᠢᠭ᠂ ᠲᠤᠰᠬᠤᠨ ᠪᠣᠶ᠃ 2022 ᠣᠨ᠎ᠤ 2 ᠰᠠᠷ᠎ᠠ᠎ᠶ᠋ᠢᠨ 22 ᠎ᠤ᠋ᠨ ᠡᠳᠦᠷ᠎ᠦᠨ 14 ᠴᠠᠭ ᠪᠣᠯᠲᠠᠯ᠎ᠠ᠂ ᠬᠥᠬᠡᠬᠣᠲᠠ᠎ᠶ᠋ᠢᠨ ᠲᠣᠰ ᠡᠭᠡᠯᠵᠢ᠎ᠶ᠋ᠢᠨ ᠬᠢᠵᠢᠭ᠎ᠤᠨ ᠪᠠᠢᠳᠠᠯ᠎ᠳᠦ ᠨᠡᠢᠲᠡ 8049 ᠨᠢᠭ᠍ᠲᠠ ᠣᠢᠷᠠᠲᠤᠭ᠍ᠴᠢ᠂ 3743 ᠳᠠᠮ ᠤᠢᠷᠠᠳᠤᠭᠴᠢ᠎ᠵᠢ ᠪᠠᠢᠴᠠᠭᠠᠨ ᠭᠠᠷᠭᠠᠪᠠ᠃ ᠦᠷᠭᠦᠯᠵᠢᠯᠡᠨ ᠣᠨᠣᠱᠢᠯᠠᠭ᠍ᠳᠠᠭ᠍ᠰᠠᠨ ᠡᠪᠡᠳᠴᠢᠨ᠎ᠦ ᠵᠢᠱ᠌ᠢᠶ᠎ᠡ᠎ᠵᠢᠨ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ ᠪᠠ ᠬᠢᠵᠢᠭ᠎ᠤᠨ ᠡᠬᠢ ᠰᠤᠷᠪᠤᠯᠵᠢ᠎ᠵᠢ ᠨᠢ ᠮᠦᠷᠳᠡᠬᠦ ᠠᠵᠢᠯ᠎ᠢ ᠮᠦᠨ ᠬᠦ᠌ ᠵᠠᠯᠭᠠᠭ᠎ᠠ ᠪᠡᠷ ᠶᠠᠪᠤᠭ᠍ᠳᠠᠭᠤᠯᠵᠤ ᠪᠠᠢᠨ᠎ᠠ᠃ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ᠎ᠳᠦ ᠢᠯᠡᠷᠡᠬᠦᠯᠦᠭᠰᠡᠨ ᠪᠥᠭᠡᠳ ᠬᠦᠬᠡᠬᠣᠲᠠ᠎ᠶ᠋ᠢᠨ ᠬᠠᠷᠢᠶ᠎ᠠ ᠤᠷᠤᠨ᠎ᠳᠦ ᠪᠠᠢᠬᠤ ᠦᠭᠡᠶ ᠭᠣᠣᠯᠳᠠᠯᠭ᠎ᠠ᠎ᠲᠠᠶ ᠬᠥᠮᠦᠰ ᠲᠦ᠍ ᠣᠷᠣᠨ ᠪᠦᠰᠡ᠎ᠶ᠋ᠢᠨ ᠬᠠᠮᠵᠢᠯᠴᠠᠨ ᠪᠠᠢᠴᠠᠭᠠᠭ᠍ᠰᠠᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠬᠦᠷᠭᠡᠵᠦ᠍᠂ ᠬᠢᠵᠢᠭ᠎ᠤᠨ ᠲᠠᠷᠬᠠᠵᠦ ᠳᠡᠯᠭᠡᠷᠡᠬᠦ᠌᠎ᠶ᠋ᠢ ᠰᠡᠷᠭᠡᠢᠯᠡᠵᠤ ᠪᠠᠢᠨ᠎ᠠ᠃ 2 ᠰᠠᠷ᠎ᠠ᠎ᠶ᠋ᠢᠨ 22 ᠎ᠤ᠋ᠨ ᠡᠳᠦᠷ᠎ᠦᠨ 14 ᠴᠠᠭ ᠪᠣᠯᠲᠠᠯ᠎ᠠ᠂ ᠣᠷᠣᠨ ᠪᠦᠰᠡ᠎ᠶ᠋ᠢᠨ ᠬᠠᠮᠵᠢᠯᠴᠠᠨ ᠪᠠᠢᠴᠠᠭᠠᠬᠤ ᠵᠠᠬᠢᠳᠠᠯ᠎ᠢ ᠨᠡᠢᠲᠡ 477 ᠬᠤᠪᠢ ᠢᠯᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面