ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-23 10:49:52

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 20᠎ᠤ ᠡᠳᠦᠷ ᠠᠵᠢᠯᠲᠠᠳ ᠪᠦᠭᠡᠮ ᠬᠦᠴᠢᠯ᠎ᠤᠨ ᠪᠠᠢᠴᠠᠭᠠᠯᠲᠠ ᠵᠢᠨ ᠲᠤᠷᠱᠢᠯᠲᠠ᠎ᠶ᠋ᠢᠨ ᠲᠠᠰᠤᠭ᠎ᠲᠤ ᠠᠵᠢᠯᠯᠠᠨ᠎ᠠ᠃

2 ᠰᠠᠷ᠎ᠠ᠎ᠶ᠋ᠢᠨ 21᠎ᠦ ᠡᠳᠦᠷ᠎ᠦᠨ 9 ᠴᠠᠭ᠎ᠲᠤ ᠬᠥᠬᠡᠬᠣᠲᠠ ᠭᠤᠷᠪᠠᠳᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠬᠢᠵᠤ᠂᠎ᠪᠥᠭᠡᠮ᠎ᠬᠦᠴᠢᠯ᠎ᠦᠨ᠎ᠪᠠᠢᠴᠠᠭᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠭᠤᠷᠪᠠᠳᠠᠬᠢ ᠡᠲᠡᠭᠡᠳ᠎ᠦᠨ ᠪᠠᠢᠴᠠᠭᠠᠯᠲᠠ᠎ᠶ᠋ᠢᠨ ᠪᠠᠢᠭᠤᠯᠤᠮᠵᠢ᠎ᠶ᠋ᠢ ᠵᠣᠬᠢᠴᠠᠭᠤᠯᠵᠤ᠂ PCR ᠴᠢᠡᠭᠭᠡᠯᠢᠭ ᠲᠤᠷᠰᠢᠯᠲᠠ ᠵᠢᠨ ᠲᠠᠰᠤᠭ ᠪᠠ ᠬᠡᠶ ᠪᠦᠷᠬᠦᠪᠴᠢ᠎ᠶ᠋ᠢᠨ ᠲᠤᠷᠱᠢᠯᠲᠠ᠎ᠶ᠋ᠢᠨ ᠲᠠᠰᠤᠭ ᠵᠡᠷᠭᠡ᠎ᠶ᠋ᠢ ᠨᠠᠮᠠᠨ ᠪᠠᠢᠭᠤᠯᠬᠤ᠎ᠪᠠᠷ ᠳᠡᠮᠵᠢᠨ ᠸᠢᠷᠦ᠋ᠰ᠎ᠢ 《ᠮᠥᠷᠳᠡᠬᠦ᠌》 ᠳ᠋ᠤ ᠬᠦᠴᠦᠨ ᠨᠡᠮᠡᠷᠢᠯᠡᠪᠡ᠃

ᠲᠦᠷᠦᠭᠦᠬᠡᠨ ᠦᠪᠦᠷ ᠮᠤᠡᠭᠭᠤᠯ᠎ᠤᠨ ᠣᠯᠠᠨ ᠤᠯᠤᠰ᠎ᠤᠨ ᠬᠤᠷᠠᠯ ᠦᠵᠡᠰᠭᠦᠯᠡᠩ᠎ᠦᠨ ᠲᠥᠪ᠎ᠲᠦ ᠪᠠᠢᠷᠢᠯᠠᠵᠤ ᠪᠠᠢᠭ᠎ᠠ ᠴᠢᠡᠭᠭᠡᠯᠢᠭ ᠲᠤᠷᠱᠢᠯᠲᠠ᠎ᠶ᠋ᠢᠨ ᠲᠠᠰᠤᠭ᠎ᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠰᠠᠭᠤᠷᠢᠨ᠎ᠢ ᠨᠢᠭᠡᠨᠲᠡ ᠵᠢᠩᠬᠢᠨᠢ᠎ᠪᠡᠷ ᠠᠱᠢᠭ᠍ᠯᠠᠯᠲᠠ᠎ᠳᠤ ᠣᠷᠣᠭᠤᠯᠪᠠ᠃ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠬᠠᠮᠢᠶ᠎ᠠ ᠪᠥᠬᠥᠶ ᠰᠠᠯᠠᠭ᠎ᠠ ᠮᠥᠴᠢᠷ 2 ᠰᠠᠷ᠎ᠠ᠎ᠶ᠋ᠢᠨ 17 ᠎ᠤ ᠡᠳᠦᠷ᠎ᠡᠴᠡ ᠡᠬᠢᠯᠡᠨ ᠲᠣᠰ ᠪᠠᠢᠴᠠᠭᠠᠯᠲᠡ ᠵᠢᠨ ᠰᠠᠭᠤᠷᠢᠨ᠎ᠢ ᠪᠠᠢᠭᠤᠯᠵᠤ᠂ ᠨᠢᠭᠡ ᠯᠡ ᠡᠳᠦᠷ ᠲᠸ᠋ ᠪᠠᠢᠭᠤᠯᠬᠤ᠂ ᠲᠥᠬᠥᠭᠡᠷᠦᠮᠵᠢ᠎ᠶ᠋ᠢ ᠲᠣᠬᠢᠷᠠᠭᠤᠯᠤᠨ ᠲᠤᠷᠱᠢᠬᠤ ᠵᠡᠷᠭᠡ ᠠᠵᠢᠯ᠎ᠢ ᠪᠡᠶᠡᠯᠡᠭᠦᠯᠵᠦ᠍᠂ ᠲᠡᠷᠡ ᠳᠠᠷᠤᠶ᠎ᠳᠤᠨᠢ ᠠᠱᠢᠭ᠍ᠯᠠᠯᠲᠠ᠎ᠳᠤ ᠣᠷᠣᠭᠤᠯᠪᠠ᠃ ᠲᠣᠰ ᠴᠢᠡᠭᠭᠡᠯᠢᠭ ᠲᠤᠷᠱᠢᠯᠲᠠ᠎ᠶ᠋ᠢᠨ ᠲᠠᠰᠤᠭ ᠨᠢ 6 ᠲᠤᠷᠱᠢᠯᠲᠠ᠎ᠶ᠋ᠢᠨ ᠲᠠᠰᠤᠭ᠎ᠢᠶᠠᠷ ᠪᠦᠷᠢᠯᠳᠦᠵᠦ᠍᠂ ᠨᠡᠢᠲᠡ 130 ᠭᠠᠷᠤᠶ ᠠᠵᠢᠯᠲᠠᠨ ᠭᠤᠷᠪᠠᠨ ᠡᠭᠡᠯᠵᠢ᠎ᠪᠡᠷ 24 ᠴᠠᠭ ᠵᠢᠡᠷ ᠠᠵᠢᠯᠯᠠᠵᠤ᠂ ᠡᠳᠦᠷ ᠪᠦᠷᠢ ᠬᠠᠮᠤᠭ᠎ᠤᠨ ᠠᠷᠪᠢᠨ ᠳ᠋ᠠᠭᠠᠨ 100 ᠲᠦᠮᠡᠨ ᠬᠥᠮᠦᠨ᠎ᠢ ᠪᠠᠢᠴᠠᠭᠠᠵᠤ ᠲᠡᠢᠯᠦᠨ᠎ᠠ᠃

ᠢᠷᠡᠯᠳᠡ᠄ ᠱᠢᠨᠬᠤᠸᠠ ᠬᠣᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面