2022-02-23 10:24:35
ᠤᠯᠠᠭᠠᠨᠬᠠᠳᠠ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ 2 ᠰᠠᠷ᠎ᠠ᠎ᠶ᠋ᠢᠨ 18 ᠤ᠋ ᠡᠳᠦᠷ《ᠣᠯᠠᠨ ᠨᠡᠢᠲᠡ᠎ᠶ᠋ᠢᠨ ᠲᠠᠯᠠᠪᠤᠷ᠎ᠲᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ 〈ᠲᠠᠯᠠᠪᠤᠷ᠎ᠤᠨ ᠺᠤᠳ᠋〉 ᠢ᠋ ᠬᠡᠷᠡᠭ᠌ᠯᠡᠬᠦ᠌ ᠲᠤᠬᠠᠶ ᠪᠠᠴᠢᠮ ᠵᠠᠷᠯᠠᠯ》 ᠨᠡᠢᠲᠡᠯᠡᠵᠦ᠍᠂ ᠪᠥᠬᠥ᠌ ᠬᠣᠲᠠ᠎ᠶ᠋ᠢᠨ ᠬᠡᠷᠡᠭ᠌ᠯᠡᠭᠡᠨ᠎ᠤ ᠬᠡᠪᠴᠢᠶᠡᠨ᠎ᠳᠦ ᠣᠷᠣᠭᠤᠯᠤᠭ᠍ᠰᠠᠨ ᠣᠯᠠᠨ ᠨᠡᠢᠲᠡ᠎ᠶ᠋ᠢᠨ ᠲᠠᠯᠠᠪᠤᠷ᠎ᠲᠤ 《ᠲᠠᠯᠠᠪᠤᠷ᠎ᠤᠨ ᠺᠤᠳ᠋》 ᠢ᠋ ᠳᠡᠯᠭᠡᠷᠡᠭᠦᠯᠦᠨ ᠬᠡᠷᠡᠭ᠌ᠯᠡᠵᠦ᠍᠂ ᠬᠢᠵᠢᠭ᠎ᠢ ᠰᠡᠷᠭᠡᠢᠯᠡᠨ ᠡᠵᠡᠮᠳᠡᠬᠦ᠌ ᠪᠡᠨ ᠴᠢᠩᠭᠠᠳᠬᠠᠭᠰᠠᠨ ᠪᠠᠢᠨ᠎ᠠ᠃
2 ᠰᠠᠷ᠎ᠠ ᠵᠢᠨ 19 ᠤ᠋ ᠡᠳᠦᠷ᠎ᠤᠨ ᠦᠳᠡ᠎ᠶ᠋ᠢᠨ ᠬᠣᠢᠨ᠎ᠠ᠂ ᠰᠤᠷᠪᠤᠯᠵᠢᠯᠠᠭ᠍ᠴᠢ ᠤᠯᠠᠭᠠᠨᠬᠠᠳᠠ ᠬᠤᠳᠠ᠎ᠶ᠋ᠢᠨ ᠱᠢᠨ᠎ᠡ ᠬᠣᠲᠠ ᠲᠤᠭᠤᠷᠢᠭ ᠤᠨᠸᠤᠯᠮᠠᠷᠲ ᠬᠡᠲᠦ ᠳᠡᠯᠭᠡᠭᠦᠷ᠂ ᠪᠠᠶ ᠯᠢᠦ ᠬᠡᠲᠦ ᠳᠡᠯᠭᠡᠭᠦᠷ ᠂ ᠵᠥᠩ ᠯᠢᠶᠠᠨ ᠲᠠᠯᠠᠪᠠᠶ ᠂ ᠸᠠᠨ ᠱᠢᠶᠠᠩ ᠬᠤᠢ ᠺᠢᠨᠣ᠋ ᠵᠢᠨ ᠤᠷᠳᠤᠨ ᠵᠢᠴᠢ ᠬᠡᠰᠡᠭ ᠢᠳᠡᠭᠡᠨ ᠤᠮᠳᠠᠭᠠᠨ᠎ᠤ ᠳᠡᠯᠭᠡᠭᠦᠷ ᠵᠡᠷᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠣᠸ᠋ᠯᠳᠠᠯᠭ᠎ᠠ᠎ᠲᠠᠶ ᠲᠠᠯᠠᠪᠤᠷ ᠲᠤ᠌ ᠬᠦᠷᠬᠦ ᠳ᠋ᠤ᠂ ᠪᠣᠶ ᠪᠥᠬᠥᠶ ᠬᠤᠳᠠᠯᠳᠤᠭᠠᠴᠢᠳ ᠴᠥᠮ 《ᠲᠠᠯᠠᠪᠤᠷ᠎ᠤᠨ ᠺᠤᠳ᠋》 ᠢ᠋ ᠬᠡᠷᠡᠭ᠌ᠯᠡᠵᠦ᠍ ᠂ ᠪᠠᠷᠠᠭ᠎ᠠ ᠲᠠᠸᠠᠷ ᠬᠤᠳᠠᠯᠳᠤᠨ ᠠᠪᠬᠤ ᠂ ᠺᠢᠨᠣ᠋ ᠦᠵᠡᠬᠦ᠌᠂ ᠬᠣᠭᠣᠯᠠ ᠢᠳᠡᠬᠦ᠌᠎ᠪᠡᠷ ᠢᠷᠡᠭ᠌ᠰᠡᠨ ᠬᠣᠲᠠ᠎ᠶ᠋ᠢᠨ ᠠᠷᠠᠳ ᠠᠵᠢᠯᠲᠠᠨ᠎ᠤ ᠵᠢᠯᠣᠭᠣᠳᠣᠯᠭ᠎ᠠ ᠳᠣᠸ᠋ᠷ᠎ᠠ《ᠲᠠᠯᠠᠪᠤᠷ᠎ᠤᠨ ᠺᠤᠳ᠋》 ᠢ᠋ ᠭᠠᠷ ᠤᠳᠠᠰᠤᠠ ᠲᠡᠬᠡᠷ᠎ᠠ ᠪᠠᠠ ᠪᠠᠭᠤᠯᠭᠠᠵᠥ᠂ ᠬᠠᠷᠭᠤᠭᠤᠯᠤᠨ ᠪᠠᠢᠴᠠᠭᠠᠭ᠍ᠰᠠᠨ᠎ᠤ ᠳᠠᠷᠠᠭ᠎ᠠ ᠡᠮᠬᠢ ᠵᠢᠷᠤᠮ ᠲᠠᠶ᠎ᠪᠠᠷ ᠲᠠᠯᠠᠪᠤᠷ᠎ᠲᠤ ᠣᠷᠣᠵᠠᠭᠠᠵᠦ ᠪᠠᠢᠯ᠎ᠠ᠃
ᠸᠠᠨ ᠱᠢᠶᠠᠩ ᠬᠤᠢ ᠺᠢᠨᠣ᠋ ᠵᠢᠨ ᠤᠷᠳᠤᠨ᠎ᠤ ᠳᠠᠭᠠᠭᠠᠮᠠᠯ ᠮᠠ ᠨᠠᠶ ᠯᠦᠩ᠄ 《 ᠪᠠᠴᠢᠮ ᠵᠠᠷᠯᠠᠯ᠎ᠢ ᠨᠡᠢᠲᠡᠯᠡᠭ᠌ᠰᠡᠨ᠎ᠦ ᠳᠠᠷᠠᠭ᠎ᠠ᠂ ᠮᠠᠨ᠎ᠤ ᠺᠢᠨᠣ᠋᠎ᠶ᠋ᠢᠨ ᠤᠷᠳᠤᠨ ᠳᠠᠷᠠ ᠳᠠᠷᠤᠢ ᠳ᠋ᠤᠨᠢ ᠰᠦᠩᠱᠠᠨ ᠲᠣᠭᠣᠷᠢᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠱᠠᠭᠠᠷᠳᠠᠯᠭ᠎ᠠ ᠪᠡᠷ 〈ᠲᠠᠯᠠᠪᠤᠷ᠎ᠤᠨ ᠺᠣᠳ᠋〉ᠨᠠᠭᠠᠭ᠍ᠰᠠᠨ ᠪᠥᠭᠡᠳ ᠲᠤᠰᠭᠠᠶ ᠬᠥᠮᠦᠨ ᠲᠣᠬᠢᠷᠠᠭᠤᠯᠵᠤ ᠺᠢᠨᠣ᠋᠎ᠶ᠋ᠢᠨ ᠤᠷᠳᠤᠨ᠎ᠤ ᠣᠷᠣᠬᠤ ᠡᠭᠦᠳᠡᠨ᠎ᠳᠦ ᠺᠢᠨᠣ᠋ ᠦᠵᠡᠬᠦ᠌ ᠪᠡᠷ ᠢᠷᠡᠭᠰᠡᠤᠨᠢ ᠺᠣᠳ᠋ ᠱᠢᠷᠪᠢᠬᠥᠯᠵᠤ ᠭᠠᠷ ᠤᠳᠠᠰᠤᠠ ᠲᠡᠬᠡᠷ᠎ᠠ ᠨᠢ ᠪᠠᠭᠤᠯᠭᠠᠵᠤ᠂ ᠲᠤᠬᠠᠶ᠎ᠶ᠋ᠢᠨ ᠲᠠᠯᠠᠪᠤᠷ᠎ᠲᠤ ᠬᠢᠨᠠᠨ ᠱᠢᠯᠭᠠᠭᠤᠯᠵᠤ ᠪᠠᠢᠨ᠎ᠠ》 ᠭᠡᠵᠦ ᠲᠡᠢᠯᠪᠤᠷᠢᠯᠠᠠ ᠲᠡᠨᠢᠯᠴᠠᠭᠤᠯᠪᠠ᠃
ᠣᠢᠯᠠᠭᠠᠭ᠍ᠰᠠᠨ᠎ᠢᠶᠠᠷ᠂《ᠲᠠᠯᠠᠪᠤᠷ᠎ᠤᠨ ᠺᠣᠳ᠋》 ᠪᠣᠯ ᠵᠢᠷᠬᠢᠶ᠎ᠡ ᠵᠢᠨ ᠵᠢᠵᠢᠭ ᠫᠷᠤᠭ᠌ᠷᠠᠮ᠎ᠤᠨ 《ᠤᠯᠤᠰ᠎ᠤᠨ ᠡᠷᠡᠭᠦᠯ ᠮᠡᠨᠳᠦ᠍᠎ᠶ᠋ᠢᠨ ᠺᠣᠳ᠋》 ᠲᠤ᠌ ᠱᠢᠨ᠎ᠡ᠎ᠪᠡᠷ ᠨᠡᠮᠡᠭ᠌ᠰᠡᠨ《ᠲᠠᠯᠠᠪᠤᠷ ᠲᠤ᠌ ᠤᠷᠤᠬᠰᠠᠳ᠎ᠦᠨ ᠮᠡᠳᠡᠭᠡ ᠵᠠᠩᠭᠢ᠎ᠶ᠋ᠢᠨ ᠳᠡᠩᠰᠡᠯᠡᠯᠲᠡ᠎ᠶ᠋ᠢᠨ ᠺᠣᠳ᠋》ᠤ᠋ᠠ ᠴᠢᠳᠠᠮᠵᠢ᠎ᠶ᠋ᠢᠨ ᠬᠡᠰᠡᠭ ᠪᠣᠯᠤᠨ᠎ᠠ᠃ ᠰᠠᠭᠤᠭᠠᠯᠢ ᠠᠷᠠᠳ 《ᠲᠣᠬᠠᠢ ᠵᠢᠨ ᠬᠥᠮᠦᠨ ᠱᠢᠷᠪᠢᠨ ᠲᠡᠮᠳᠡᠭ᠌ᠯᠡᠬᠦ᠌》ᠵᠢ ᠰᠣᠩᠭᠣᠪᠠᠯ ᠠᠶᠠᠨᠳᠠᠭᠠᠨ ᠬᠤᠪᠢ ᠵᠢᠨ ᠡᠷᠡᠭᠦᠯ ᠮᠡᠨᠳᠦ᠍᠎ᠶ᠋ᠢᠨ ᠺᠤᠳ᠋᠎ᠤᠨ ᠨᠢᠭᠤᠷ᠎ᠲᠤ ᠱᠢᠯᠵᠢᠵᠦ᠍ ᠂ ᠠᠵᠢᠯᠲᠠᠨ᠎ᠤ ᠪᠠᠢᠴᠠᠭᠠᠨ ᠱᠢᠯᠭᠠᠬᠤ᠎ᠳᠤ ᠲᠥᠬᠥᠮ ᠦᠵᠡᠭᠦᠯᠬᠦ᠌᠎ᠶ᠋ᠢᠨ ᠬᠠᠮᠲᠤ ᠲᠤᠬᠠᠢ ᠵᠢᠨ ᠬᠥᠮᠦᠨ᠎ᠦ ᠲᠣᠰ ᠲᠠᠯᠠᠪᠤᠷ᠎ᠲᠤ ᠣᠷᠣᠵᠤ ᠭᠠᠷᠤᠭ᠍ᠰᠠᠨ ᠴᠠᠭ᠎ᠢ ᠲᠡᠮᠳᠡᠭ᠌ᠯᠡᠵᠦ᠍᠂ ᠬᠢᠵᠢᠭ᠎ᠦᠨ ᠪᠠᠢᠳᠠᠯ ᠡᠭᠦᠰᠦᠭ᠌ᠰᠡᠨ᠎ᠦ ᠳᠠᠷᠠᠭ᠎ᠠ ᠬᠢᠵᠢᠭ᠎ᠦᠨ ᠲᠦᠭ᠌ᠰᠢᠭᠦᠷᠢ᠎ᠳᠦ ᠬᠣᠯᠪᠣᠭ᠍ᠳᠠᠭ᠍ᠰᠠᠨ ᠬᠥᠮᠦᠰ᠎ᠢ ᠲᠦᠷᠭᠡᠨ ᠪᠥᠭᠡᠳ ᠨᠠᠷᠢᠯᠢᠭ ᠣᠨᠣᠴᠠᠲᠠᠶ᠎ᠪᠠᠷ ᠮᠥᠷᠳᠡᠨ ᠪᠠᠢᠴᠠᠭᠠᠬᠤ᠎ᠳᠤ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠬᠠᠩᠭᠠᠬᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃