ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-23 10:17:02

ᠵᠣᠬᠢᠶᠠᠭ᠍ᠴᠢ᠄ ᠸᠠᠩ ᠶᠠ ᠵᠢᠩ ᠰᠢᠤᠢ ᠶᠤᠸᠠᠢ ᠣᠩᠱᠢᠭ᠍ᠰᠠᠨ ᠣᠳᠠᠭ᠎ᠠ᠄ 3

ᠲᠠᠬᠤᠯ ᠡᠪᠡᠳᠴᠢᠨ ᠤ᠋ ᠪᠠᠢᠴᠠᠭᠠᠯᠲᠠ᠎ᠶ᠋ᠢᠨ ᠠᠵᠢᠯ ᠢ᠋ ᠴᠢᠩᠭᠠᠳᠭᠠᠬᠤ᠎ᠶ᠋ᠢᠨ ᠲᠥᠯᠥᠭᠡ᠂ ᠬᠦᠬᠡᠬᠤᠳᠠ ᠵᠢᠨ ᠬᠢᠨ ᠳᠣᠲᠣᠭᠠᠳᠤ᠎ᠶ᠋ᠢ ᠬᠠᠮᠠᠭᠠᠯᠠᠬᠤ᠂ ᠤᠯᠠᠨ ᠨᠡᠢᠳᠡ ᠵᠢᠨ ᠡᠷᠡᠬᠦᠯ ᠬᠠᠮᠠᠭᠠᠯᠠᠯ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠦᠴᠢᠷ ᠤ᠋ᠨ ᠨᠢᠭᠳᠠ ᠬᠠᠮᠵᠢᠯᠴᠠᠭᠰᠠᠨ ᠳᠠᠬᠤᠯ ᠡᠪᠡᠳᠴᠢᠨ᠎ᠤ ᠪᠠᠢᠴᠠᠭᠠᠯᠳᠠ ᠵᠢᠨ ᠡᠬᠢ ᠰᠤᠷᠪᠤᠯᠵᠢ ᠵᠢ ᠨᠢ ᠮᠦᠷᠳᠡᠬᠦ ᠠᠵᠢᠯ ᠤ᠋ᠨ ᠲᠤᠰᠬᠠᠢ ᠠᠩᠬᠢ ᠵᠢ ᠪᠠᠢᠭᠤᠯᠵᠦ᠂ 24 ᠴᠠᠭ ᠤ᠋ᠨ ᠲᠤᠳᠤᠷ᠎ᠠ ᠦᠨᠳᠦᠰᠦᠨ ᠪᠠᠢᠳᠠᠯ᠎ᠢ ᠪᠠᠢᠴᠠᠭᠠᠨ ᠲᠤᠳᠤᠯᠠᠬᠤ ᠵᠢᠨ ᠬᠠᠮᠳᠦ ᠳᠠᠬᠤᠯ ᠡᠪᠡᠳᠴᠢᠨ᠎ᠤ ᠪᠠᠢᠴᠠᠭᠠᠯᠳᠠ ᠵᠢᠨ ᠮᠡᠳᠡᠬᠦᠯᠦᠯᠳᠡ ᠵᠢ ᠪᠡᠶᠡᠯᠡᠬᠦᠯᠵᠦ ᠪᠤᠢ᠃

ᠳᠣᠲᠣᠭᠠᠳᠤ᠎ᠶ᠋ᠢ ᠬᠠᠮᠠᠭᠠᠯᠠᠬᠤ᠂ ᠤᠯᠠᠨ ᠨᠡᠢᠳᠡ ᠵᠢᠨ ᠡᠷᠡᠬᠦᠯ ᠬᠠᠮᠠᠭᠠᠯᠠᠯ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠦᠴᠢᠷ ᠤ᠋ᠨ ᠨᠢᠭᠳᠠ ᠬᠠᠮᠵᠢᠯᠴᠠᠭᠰᠠᠨ ᠳᠠᠬᠤᠯ ᠡᠪᠡᠳᠴᠢᠨ᠎ᠤ ᠪᠠᠢᠴᠠᠭᠠᠯᠳᠠ ᠵᠢᠨ ᠡᠬᠢ ᠰᠤᠷᠪᠤᠯᠵᠢ ᠵᠢ ᠨᠢ ᠮᠦᠷᠳᠡᠬᠦ ᠠᠵᠢᠯ ᠤ᠋ᠨ ᠲᠤᠰᠬᠠᠢ ᠠᠩᠬᠢ ᠎ᠵᠢᠨ ᠬᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ᠎ᠵᠢ ᠨᠢᠭᠡ ᠴᠤᠭᠴᠠᠵᠢᠭᠤᠯᠤᠨ ᠵᠡᠷᠭᠡ ᠪᠡᠷ ᠠᠵᠢᠯᠯᠠᠬᠤ᠎ᠵᠢ ᠭᠡᠷᠡᠭᠵᠢᠬᠦᠯᠵᠦ᠂ ᠳᠣᠲᠣᠭᠠᠳᠤ᠎ᠶ᠋ᠢ ᠬᠠᠮᠠᠭᠠᠯᠠᠬᠤ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠵᠢᠨ ᠬᠢᠨ᠎ᠤ ᠲᠣᠮᠣ ᠳ᠋ᠠᠢᠲ᠋ᠠ᠎ᠪᠠᠷ ᠵᠢᠭ᠍ᠰᠠᠭᠠᠨ ᠪᠠᠢᠴᠠᠭᠠᠬᠤ ᠳᠠᠪᠠᠭᠤᠯᠢᠭ ᠢ᠋ ᠠᠱᠢᠭ᠍ᠯᠠᠨ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ᠎ᠢ ᠬᠠᠮᠵᠢᠨ ᠡᠬᠢ ᠰᠤᠷᠪᠤᠯᠵᠢ ᠵᠢ᠎ᠨᠢ ᠮᠥᠷᠳᠡᠵᠦ᠍᠂ ᠨᠢᠭ᠍ᠲᠠ ᠤᠢᠷᠠᠳᠤᠭᠴᠢ ᠪᠠ ᠳᠠᠮ ᠤᠢᠷᠠᠳᠤᠭᠴᠢ᠎ᠶ᠋ᠢ ᠡᠷᠢᠵᠤ᠂ ᠭᠤᠤᠯᠳᠠᠯᠭ᠎ᠠ᠎ᠲᠠᠶ ᠭᠠᠵᠠᠷ ᠤᠷᠤᠨ᠂ ᠭᠤᠤᠯᠳᠠᠯᠭ᠎ᠠ᠎ᠲᠠᠶ ᠬᠥᠮᠦᠰ ᠤ᠋ᠨ ᠪᠠᠢᠳᠠᠯ᠎ᠢ ᠤᠢᠯᠠᠭᠠᠨ ᠵᠢᠭ᠍ᠰᠠᠭᠠᠨ ᠪᠠᠢᠴᠠᠭᠠᠬᠤ ᠬᠠᠮᠢᠶᠠᠷᠤᠯᠲᠠ᠎ᠶ᠋ᠢ ᠴᠢᠩᠭᠠᠳᠭᠠᠬᠤ᠎ᠳᠤ ᠲᠦᠷᠭᠡᠨ ᠪᠥᠭᠡᠳ ᠣᠨᠣᠪᠴᠢᠲᠠᠶ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠪᠠ᠃

ᠬᠥᠬᠡᠬᠣᠲᠠ᠎ᠶ᠋ᠢᠨ ᠡᠪᠡᠳᠴᠢᠨ ᠡᠮᠭᠡᠭ ᠢ᠋ ᠰᠡᠷᠭᠡᠢᠯᠡᠨ ᠡᠵᠡᠮᠳᠡᠬᠦ᠌ ᠲᠦᠪ ᠪᠤᠯᠤᠨ ᠥᠪᠡᠷᠲᠡᠭᠡᠨ ᠵᠠᠰᠠᠬᠤ ᠣᠷᠣᠨ ᠵᠢᠴᠢ ᠠᠬ᠎ᠠ ᠳᠡᠭᠦᠦ ᠠᠢᠮᠠᠭ ᠬᠣᠲᠠ᠎ᠶ᠋ᠢᠨ ᠬᠦᠬᠡᠬᠤᠳᠠ ᠵᠢ ᠲᠤᠰᠠᠯᠠᠬᠤ ᠠᠩᠭᠢ᠎ᠶ᠋ᠢᠨ ᠭᠡᠱᠢᠭᠦᠳ᠎ᠵᠢᠡᠷ ᠪᠦᠷᠢᠯᠳᠦᠭᠰᠡᠨ ᠬᠠᠮᠲᠤᠷᠠᠭ᠍ᠰᠠᠨ ᠲᠠᠬᠤᠯ ᠡᠪᠡᠳᠴᠢᠨ ᠤ᠋ ᠪᠠᠢᠴᠠᠭᠠᠯᠲᠠ᠎ᠶ᠋ᠢᠨ ᠠᠩᠭᠢ᠎ᠵᠢᠨ ᠬᠢᠨ ᠲᠠᠬᠤᠯ ᠡᠪᠡᠳᠴᠢᠨ ᠤ᠋ ᠪᠠᠢᠴᠠᠭᠠᠯᠲᠠ᠎ᠶ᠋ᠢᠨ ᠪᠠᠴᠢᠮ ᠪᠠᠢᠳᠠᠯ ᠢ᠋ ᠠᠷᠭᠠᠴᠠᠭᠠᠨ ᠱᠢᠶ᠋ᠳᠪᠦᠷᠢᠯᠡᠬᠦ᠌ ᠠᠵᠢᠯ ᠢ᠋ ᠬᠠᠮᠲᠤ᠎ᠪᠠᠷ ᠥᠷᠨᠢᠭᠦᠯᠵᠦ᠍ ᠂ 《ᠲᠠᠬᠤᠯ ᠡᠪᠡᠳᠴᠢᠨ ᠤ᠋ ᠰᠤᠳᠤᠯᠤᠯ ᠤ᠋ᠨ ᠪᠠᠢᠴᠠᠭᠠᠯᠲᠠ ᠬᠢᠬᠦ᠌ ᠵᠢᠨ ᠳᠠᠭᠠᠤ᠎ᠳᠦ ᠪᠠᠢᠳᠠᠯ ᠢ᠋ ᠤᠢᠯᠠᠭᠠᠨ ᠵᠢᠭ᠍ᠰᠠᠭᠠᠨ ᠪᠠᠢᠴᠠᠭᠠᠬᠤ᠂ ᠬᠠᠮᠢᠶᠠᠷᠤᠨ ᠡᠵᠡᠮᠳᠡᠬᠦ᠌》 ᠵᠠᠷᠴᠢᠮ ᠶᠣᠰᠣᠭᠠᠷ᠂ ᠲᠠᠬᠤᠯ ᠡᠪᠡᠳᠴᠢᠨ ᠤ᠋ ᠪᠠᠢᠴᠠᠭᠠᠯᠲᠠ᠎ᠶ᠋ᠢᠨ ᠵᠢᠭ᠍ᠰᠠᠭᠠᠨ ᠪᠠᠢᠴᠠᠭᠠᠬᠤ᠂ ᠲᠤᠰᠠᠭᠠᠷᠯᠠᠨ ᠬᠠᠮᠢᠶᠠᠷᠤᠨ ᠡᠵᠡᠮᠳᠡᠬᠦ᠌᠂ ᠪᠥᠭᠡᠮ ᠬᠦᠴᠢᠯ ᠤ᠋ᠨ ᠪᠠᠢᠴᠠᠭᠠᠯᠳᠠ ᠬᠢᠬᠦ᠌᠂ ᠠᠷᠢᠭᠤᠳᠭᠠᠬᠤ ᠵᠡᠷᠭᠡ ᠠᠵᠢᠯ᠎ᠢ ᠴᠢᠩᠭᠠᠳᠭᠠᠵᠠᠢ᠃ ᠳᠠᠬᠤᠯ ᠡᠪᠡᠳᠴᠢᠨ᠎ᠤ ᠪᠠᠢᠴᠠᠭᠠᠯᠳᠠ ᠎ᠳ᠋ᠤ 20 ᠮᠢᠨᠦ᠋ᠲ ᠲᠦ᠍ ᠦᠨᠳᠦᠰᠦᠨ ᠮᠡᠳᠡᠭᠡ ᠵᠠᠩᠬᠢ ᠵᠢ ᠳᠡᠭᠡᠭᠰᠢ ᠮᠡᠳᠡᠬᠦᠯᠵᠦ᠂ 4 ᠴᠠᠭ ᠲᠦ᠍ ᠭᠤᠤᠯ ᠮᠡᠳᠡᠭᠡ ᠵᠠᠩᠬᠢ ᠵᠢ ᠳᠡᠭᠡᠭᠰᠢ ᠮᠡᠳᠡᠬᠦᠯᠵᠦ᠂ 24 ᠴᠠᠭ ᠤ᠋ᠨ ᠳᠤᠳᠤᠷ᠎ᠠ ᠦᠨᠳᠦᠰᠦᠨ ᠪᠠᠢᠳᠠᠯ ᠢ᠋ ᠪᠠᠢᠴᠠᠭᠠᠨ ᠲᠤᠳᠤᠯᠠᠬᠤ ᠵᠢᠨ ᠬᠠᠮᠳᠦ ᠳᠠᠬᠤᠯ ᠡᠪᠡᠳᠴᠢᠨ᠎ᠤ ᠪᠠᠢᠴᠠᠭᠠᠯᠳᠠ ᠵᠢᠨ ᠮᠡᠳᠡᠬᠦᠯᠦᠯᠳᠡ ᠵᠢ ᠪᠡᠶᠡᠯᠡᠬᠦᠯᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面