2022-02-23 10:25:54
2 ᠰᠠᠷ᠎ᠠ᠎ᠶ᠋ᠢᠨ 22 ᠤᠨ ᠡᠳᠦᠷ᠂ ᠬᠥᠬᠡᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠵᠢᠨ ᠳᠡᠳ᠋ ᠳᠠᠷᠤᠭ᠎ᠠ ᠱᠠᠩ ᠭᠤᠸᠠᠨ ᠶᠢᠩ ᠱᠢᠤᠢ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠬᠥᠬᠡᠬᠣᠲᠠ᠎ᠶ᠋ᠢᠨ ᠬᠢᠨ᠎ᠤ ᠪᠠᠷᠠᠭᠠᠨ᠎ᠤ ᠦᠨ᠎ᠡ᠎ᠶ᠋ᠢ ᠲᠣᠭ᠍ᠲᠠᠪᠤᠷᠢᠵᠢᠭᠤᠯᠵᠤ᠂ ᠪᠠᠷᠠᠭᠠᠨ᠎ᠤ ᠦᠨ᠎ᠡ᠎ᠶ᠋ᠢ ᠥᠰᠭᠡᠬᠦ᠌᠎ᠳᠦ ᠴᠣᠬᠢᠯᠲᠠ ᠥᠭ᠌ᠬᠦ ᠲᠠᠯ᠎ᠠ᠎ᠪᠠᠷ ᠠᠪᠤᠭ᠍ᠰᠠᠨ ᠠᠷᠭ᠎ᠠ ᠬᠡᠮᠵᠢᠶ᠎ᠡ ᠵᠢ ᠲᠠᠨᠢᠯᠴᠠᠭᠤᠯᠪᠠ᠃
ᠱᠠᠩ ᠭᠤᠸᠠᠨ ᠶᠢᠩ ᠱᠢᠤᠢ ᠵᠢᠨ ᠲᠠᠨᠢᠯᠴᠠᠭᠤᠯᠤᠭ᠍ᠰᠠᠨ᠎ᠢᠶᠠᠷ᠂ ᠵᠠᠬ᠎ᠠ ᠳᠡᠯᠭᠡᠭᠦᠷ᠎ᠦᠨ ᠱᠠᠯᠠᠪᠳᠠᠭᠤᠯᠤᠨ ᠪᠠᠢᠴᠠᠭᠠᠭᠰᠠᠨ ᠪᠠᠢᠳᠠᠯ᠂ ᠶᠠᠷᠢᠶ᠎ᠠ ᠬᠡᠯᠡᠯᠴᠡᠭᠡᠨ᠎ᠦ ᠬᠠᠯᠠᠮᠰᠢᠯ ᠵᠢᠴᠢ 12315 ᠭᠡᠷᠡᠭᠯᠡᠭᠴᠢᠳ᠎ᠤᠨ ᠢᠯᠡᠴᠢᠯᠡᠨ ᠮᠡᠳᠡᠬᠦᠯᠬᠦ ᠲᠥᠪ᠎ᠦᠨ ᠲᠣᠭ᠎ᠠ ᠪᠠᠷᠢᠮᠲᠠ᠎ᠶ᠋ᠢᠨ ᠵᠠᠳᠠᠯᠤᠯᠲᠠ᠎ᠲᠠᠶ ᠤᠶᠠᠯᠳᠤᠭᠤᠯᠵᠤ᠂ ᠬᠥᠬᠡᠬᠣᠲᠠ᠎ᠶ᠋ᠢᠨ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ᠂ ᠭᠤᠤᠯ ᠪᠣᠯᠬᠤ ᠭᠡᠯᠬᠢᠶ᠎ᠠ᠎ᠳᠤ ᠬᠠᠮ ᠳᠡᠯᠭᠡᠭᠦᠷ ᠵᠡᠷᠭᠡ ᠭᠤᠤᠯᠳᠠᠯᠭ᠎ᠠ᠎ᠲᠠᠶ ᠭᠣᠭ᠍ᠴᠣᠭ᠎ᠠ᠎ᠶ᠋ᠢᠨ ᠦᠨ᠎ᠡ ᠬᠠᠩᠰᠢ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠬᠡᠷᠡᠭ᠌ᠯᠡᠭᠡᠨ᠎ᠦ ᠵᠢᠱ᠌ᠢᠯᠲᠡ᠎ᠳᠦ ᠦᠨᠳᠦᠰᠦᠨ᠎ᠳᠡᠭᠡᠨ ᠨᠡᠢᠴᠡᠵᠦ᠍᠂ ᠦᠨ᠎ᠡ ᠬᠠᠩᠰᠢ᠎ᠶ᠋ᠢᠨ ᠥᠰᠥᠯᠲᠡ᠎ᠶ᠋ᠢᠨ ᠬᠡᠮᠵᠢᠶ᠎ᠡ ᠬᠡᠲᠦ ᠥᠨᠳᠥᠷ ᠪᠠᠢᠬᠤ ᠦᠵᠡᠭ᠌ᠳᠡᠯ ᠨᠢ ᠨᠡᠢᠭᠡᠮ ᠲᠣᠭᠣᠷᠢᠭ᠎ᠤᠨ ᠢᠳᠡᠱᠢᠨ ᠨᠣᠭᠣᠭ᠎ᠠ ᠢᠳᠡᠭᠡᠨ᠎ᠤ ᠵᠦᠢᠯᠡᠰ᠎ᠤᠨ ᠬᠠᠮ ᠳᠡᠯᠭᠡᠭᠦᠷ᠎ᠲᠦ ᠲᠥᠪᠯᠡᠷᠡᠵᠦ᠍᠂ ᠭᠤᠤᠯ ᠲᠥᠷᠥᠯ ᠵᠦᠶ᠋ᠯ ᠨᠢ ᠱᠢᠨ᠎ᠡ ᠰᠣᠷᠭᠣᠭ ᠢᠳᠡᠱᠢᠨ ᠨᠣᠭᠣᠭ᠎ᠠ᠎ᠳᠤ ᠲᠥᠪᠯᠡᠷᠡᠵᠦ᠍ ᠪᠠᠢᠨ᠎ᠠ᠃ ᠬᠦᠬᠡᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠢᠨ ᠬᠢᠵᠢᠭ᠎ᠦᠨ ᠬᠤᠭᠤᠴᠠᠭᠠᠨ᠎ᠳᠤ ᠪᠠᠢᠴᠠᠭᠠᠬᠤ ᠤᠳᠠᠭ᠎ᠠ᠎ᠪᠠᠨ ᠨᠡᠮᠡᠭ᠌ᠳᠡᠭᠦᠯᠵᠦ ᠪᠠᠢᠴᠠᠭᠠᠬᠤ ᠡᠷᠴᠢᠮ᠎ᠵᠢᠡᠨ ᠴᠢᠩᠭᠠᠷᠠᠭᠤᠯᠪᠠ᠃ ᠪᠦᠷᠢᠳᠭᠡᠯ᠎ᠢ ᠦᠨᠳᠦᠰᠦᠯᠡᠪᠡᠯ ᠂ ᠬᠢᠵᠢᠭ᠎ᠦᠨ ᠬᠤᠭᠤᠴᠠᠭᠠᠨ᠎ᠳᠤ ᠪᠥᠬᠥ᠌ ᠬᠣᠲᠠ᠎ᠶ᠋ᠢᠨ ᠦᠨ᠎ᠡ ᠬᠠᠩᠰᠢ᠎ᠶ᠋ᠢᠨ ᠲᠤᠰᠭᠠᠶ ᠪᠠᠢᠴᠠᠭᠠᠯᠲᠠ᠎ᠳᠤ ᠬᠠᠤᠯᠢ ᠬᠡᠷᠡᠭ᠌ᠵᠢᠭᠦᠯᠬᠦ᠌ ᠠᠵᠢᠯᠲᠠᠨ ᠢ 1860 ᠬᠥᠮᠦᠨ(ᠤᠳᠠᠭ᠎ᠠ)ᠬᠦᠳᠡᠯᠭᠡᠵᠦ᠂ ᠬᠠᠮᠢᠶ᠎ᠠ ᠪᠥᠬᠥᠶ ᠡᠵᠡᠩᠨᠡᠯᠲᠡ᠎ᠶ᠋ᠢᠨ ᠡᠷᠦᠬᠡ᠎ᠵᠢ 12400 ᠡᠷᠦᠬᠡ(ᠤᠳᠠᠭ᠎ᠠ)ᠪᠠᠢᠴᠠᠭᠠᠪᠠ᠃ ᠱᠠᠯᠠᠪᠳᠠᠭᠤᠯᠤᠨ ᠪᠠᠢᠴᠠᠭᠠᠬᠤ ᠡᠷᠴᠢᠮ᠎ᠵᠢᠡᠨ ᠴᠢᠡᠭᠭᠠᠷᠠᠭᠤᠯᠵᠤ᠂ ᠬᠥᠬᠡᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠵᠢᠨ ᠬᠢᠨ ᠲᠦᠷᠪᠡᠨ ᠦᠨ᠎ᠡ ᠬᠠᠩᠰᠢ᠎ᠶ᠋ᠢᠨ ᠲᠤᠰᠭᠠᠶ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠤᠭᠤᠢᠯᠠᠩ᠎ᠢ ᠵᠣᠬᠢᠶᠠᠨ ᠪᠠᠢᠭᠤᠯᠵᠤ᠂ ᠲᠤᠬᠠᠶ᠎ᠶ᠋ᠢᠨ ᠭᠠᠵᠠᠷ᠎ᠲᠤᠨᠢ ᠪᠠᠢᠴᠠᠭᠠᠬᠤ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠪᠥᠬᠥ᠌ ᠬᠣᠲᠠ᠎ᠶ᠋ᠢᠨ 68 ᠭᠤᠤᠯ ᠪᠣᠯᠬᠤ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠂ ᠨᠡᠢᠭᠡᠮ ᠲᠣᠭᠣᠷᠢᠭ᠎ᠤᠨ ᠠᠷᠠᠳ᠎ᠲᠤ ᠲᠥᠬᠥᠮ ᠦᠵᠡᠭᠦᠯᠬᠦ᠌ ᠵᠠᠬ᠎ᠠ ᠳᠡᠯᠭᠡᠭᠦᠷ᠂ ᠠᠮᠤ ᠲᠣᠰᠣ᠂ ᠢᠳᠡᠱᠢᠨ ᠨᠣᠭᠣᠭ᠎ᠠ ᠵᠡᠷᠭᠡ ᠭᠤᠤᠯᠳᠠᠯᠭ᠎ᠠ᠎ᠲᠠᠶ ᠲᠠᠸᠠᠷ᠎ᠤᠨ ᠦᠨ᠎ᠡ ᠬᠠᠩᠰᠢ᠎ᠳᠤ ᠱᠠᠯᠠᠪᠳᠠᠭᠤᠯᠤᠨ ᠪᠠᠢᠴᠠᠭᠠᠬᠤ ᠠᠵᠢᠯ ᠥᠷᠨᠢᠭᠦᠯᠵᠦ᠍᠂ ᠳᠦᠷᠢᠮᠵᠢᠬᠥᠨ ᠱᠠᠯᠠᠪᠳᠠᠭᠤᠯᠤᠨ ᠵᠢᠯᠣᠭᠣᠳᠭᠤ ᠬᠦᠰᠦᠨᠦᠭ ᠲᠣᠭ᠍ᠲᠠᠭᠠᠨ᠂ ᠪᠠᠢᠴᠠᠭᠠᠵᠤ ᠱᠠᠯᠠᠪᠳᠠᠭᠤᠯᠤᠨ ᠵᠢᠯᠣᠭᠣᠳᠭᠤ ᠡᠳᠦᠷ᠎ᠦᠨ ᠲᠣᠬᠢᠷᠠᠭᠤᠯᠤᠯᠲᠠ᠎ᠶ᠋ᠢ ᠬᠡᠷᠡᠭ᠌ᠵᠢᠭᠦᠯᠵᠦ᠍ ᠂ ᠲᠠᠷᠤᠢ᠎ᠳ᠋ᠤᠨᠢ ᠣᠪᠣᠭ ᠨᠡᠷᠡᠵᠢᠨᠢ ᠵᠢᠭᠠᠵᠦ ᠨᠠᠷᠢᠨ ᠳᠠᠩᠰᠠ᠎ᠶ᠋ᠢᠨ ᠬᠡᠯᠪᠡᠷᠢ᠎ᠪᠡᠷ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠦ ᠠᠰᠠᠭᠤᠳᠠᠯ᠎ᠢ ᠬᠠᠷᠢᠭᠤ ᠲᠤᠰᠭᠠᠵᠤ᠂ ᠳᠠᠷᠤᠶ᠎ᠳᠤᠨᠢ ᠱᠢᠶ᠋ᠳᠪᠦᠷᠢᠯᠡᠭᠰᠡᠨ ᠪᠠᠢᠨ᠎ᠠ᠃ ᠬᠡᠷᠡᠭ ᠱᠢᠶ᠋ᠳᠪᠦᠷᠢᠯᠡᠬᠦ᠌ᠡᠷᠴᠢᠮᠵᠢᠡᠨ ᠴᠢᠩᠭᠠᠷᠠᠭᠤᠯᠪᠠ᠃ 2 ᠰᠠᠷ᠎ᠠ᠎ᠶ᠋ᠢᠨ 16 ᠤ᠋ ᠡᠳᠦᠷ᠎ᠡᠴᠡ 21᠎ᠤ᠋ ᠡᠳᠦᠷ ᠪᠣᠯᠲᠠᠯ᠎ᠠ᠂ ᠪᠥᠬᠥ᠌ ᠬᠣᠲᠠ᠎ᠶ᠋ᠢᠨ 12315 ᠭᠡᠷᠡᠭᠯᠡᠭᠴᠢᠳ᠎ᠤᠨ ᠢᠯᠡᠴᠢᠯᠡᠨ ᠮᠡᠳᠡᠬᠦᠯᠬᠦ ᠲᠥᠪ᠎ᠤᠨ ᠬᠢᠨ ᠦᠨ᠎ᠡ ᠬᠠᠩᠰᠢ ᠪᠡᠨ ᠬᠡᠲᠦᠷᠬᠡᠶ ᠥᠰᠭᠡᠭᠰᠡᠨ ᠵᠠᠭᠠᠯᠳᠤᠯᠭ᠎ᠠ᠎ᠶ᠋ᠢ ᠨᠡᠢᠲᠡ 14 ᠬᠤᠪᠢ ᠭᠥᠯᠢᠶᠡᠨ ᠠᠪᠴᠤ᠌ ᠱᠢᠶ᠋ᠳᠪᠦᠷᠢᠯᠡᠪᠡ᠃ ᠡᠭᠦᠨ᠎ᠳᠦ᠂ ᠢᠦᠢᠴᠢᠤᠸᠠᠨ ᠲᠣᠭᠣᠷᠢᠭ᠎ᠤᠨ ᠳ᠋ᠢᠩ ᠶᠤᠸᠠᠨ ᡁᠢ ᠵᠢᠶᠠ ᠱᠢᠨ᠎ᠡ ᠰᠣᠷᠭᠣᠭ ᠢᠳᠡᠭᠡᠨ᠎ᠦ ᠬᠠᠮ ᠳᠡᠯᠭᠡᠭᠦᠷ᠎ᠦᠨ ᠱᠢᠨ᠎ᠡ ᠰᠣᠷᠭᠣᠭ ᠮᠥᠭᠥ᠌ᠵᠢᠨ ᠪᠣᠷᠣᠯᠠᠭᠤᠯᠭ᠎ᠠ᠎ᠵᠢᠨ ᠦᠨ᠎ᠡ ᠬᠠᠩᠰᠢ᠎ᠨᠢ ᠺᠢᠯᠣᠭ᠌ᠷᠠᠮ ᠪᠦᠷᠢ᠎ᠳᠡᠭᠡᠨ 20 ᠲᠥᠭᠥᠷᠢᠭ ᠲᠦ᠍ ᠬᠦᠷᠴᠦ᠂ ᠠᠳᠠᠯᠢ ᠲᠥᠷᠥᠯ᠎ᠦᠨ ᠢᠳᠡᠱᠢᠨ ᠨᠣᠭᠣᠭ᠎ᠠ᠎ᠶ᠋ᠢᠨ ᠦᠨ᠎ᠡ ᠬᠠᠩᠰᠢ᠎ᠨᠢ ᠤᠢᠷ᠎ᠠ ᠬᠠᠪᠢ᠎ᠵᠢᠨ ᠬᠢᠨ᠎ᠤ ᠺᠢᠯᠣᠭ᠌ᠷᠠᠮ ᠪᠦᠷᠢ᠎ᠳᠡᠭᠡᠨ 10 — 12 ᠲᠥᠭᠥᠷᠢᠭ᠎ᠦᠨ ᠦᠨ᠎ᠡ ᠬᠠᠩᠰᠢ᠎ᠠᠴᠠ 90% ᠣᠷᠴᠢᠮ ᠥᠨᠳᠥᠷ ᠪᠠᠢᠵᠤ᠂ ᠪᠤᠰᠤᠳ ᠢᠳᠡᠱᠢᠨ ᠨᠣᠭᠣᠭ᠎ᠠ᠎ᠶ᠋ᠢᠨ ᠦᠨ᠎ᠡ ᠬᠠᠩᠰᠢ᠎ᠶ᠋ᠢᠨ ᠥᠰᠥᠯᠲᠡ᠎ᠶ᠋ᠢᠨ ᠬᠡᠮᠵᠢᠶ᠎ᠡ᠎ᠨᠢ ᠴᠦ᠍ ᠨᠡᠯᠢᠶᠡᠳ ᠦᠨᠳᠤᠷ ᠪᠠᠢᠵᠤ᠂ ᠦᠨ᠎ᠡ ᠬᠠᠩᠰᠢ᠎ᠶ᠋ᠢ ᠥᠰᠭᠡᠭ᠌ᠰᠡᠨᠢᠶᠡᠷ ᠰᠡᠵᠢᠭ᠌ᠯᠡᠭ᠌ᠳᠡᠵᠦ᠍᠂ ᠢᠤᠢᠴᠢᠤᠸᠠᠨ ᠲᠣᠭᠣᠷᠢᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠵᠢᠨ ᠬᠢᠨ ᠨᠢᠭᠡᠨᠳᠡ ᠬᠡᠷᠡᠭ ᠪᠣᠯᠭᠠᠨ ᠳᠡᠩᠰᠡᠯᠡᠵᠦ᠍ ᠪᠠᠢᠴᠠᠭᠠᠯᠲᠠ ᠬᠢᠵᠦ᠍ ᠪᠠᠢᠨ᠎ᠠ᠂ ᠲᠤᠬᠠᠶ᠎ᠶ᠋ᠢᠨ ᠬᠥᠮᠦᠨ᠎ᠦ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠦᠨ᠎ᠡ ᠬᠠᠩᠰᠢ ᠥᠰᠭᠡᠭ᠌ᠰᠡᠨᠢ ᠬᠢᠨᠠᠨ ᠬᠠᠷᠭᠤᠭᠤᠯᠤᠭᠰᠠᠨ ᠤ ᠲᠠᠷᠠᠭ᠎ᠠ ᠲᠠᠬᠦᠨ᠎ᠳᠤ ᠴᠢᠡᠭᠭ᠎ᠠ ᠬᠦᠨᠳᠦ ᠰᠢᠢᠳᠭᠡᠯ ᠦᠭᠬᠦ ᠪᠤᠯᠤᠨ᠎ᠠ᠃
ᠬᠦᠬᠡᠬᠤᠳᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠢᠨ ᠬᠡᠷᠡᠭ᠌ᠯᠡᠭ᠌ᠴᠢᠳ ᠢᠳᠡᠪᠬᠢᠲᠡᠶ᠎ᠪᠡᠷ ᠡᠷᠬᠡ᠎ᠪᠡᠨ ᠬᠠᠮᠠᠭᠠᠯᠠᠵᠦ᠂ ᠦᠨ᠎ᠡ ᠬᠠᠩᠰᠢ ᠬᠡᠲᠦ ᠥᠨᠳᠥᠷ ᠬᠡᠲᠦ ᠲᠦᠷᠭᠡᠨ ᠥᠰᠦᠭ᠌ᠰᠡᠨ ᠵᠡᠷᠭᠡ ᠦᠨ᠎ᠡ ᠬᠠᠩᠰᠢ᠎ᠶ᠋ᠢᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠢᠯᠡᠷᠡᠬᠦᠯᠪᠠᠯ ᠂ 12315 ᠬᠡᠷᠡᠭᠯᠡᠭᠴᠢᠳ᠎ᠤᠨ ᠢᠯᠡᠴᠢᠯᠡᠨ ᠮᠡᠳᠡᠭᠦᠯᠬᠦ᠌ ᠤᠲᠠᠰᠤ᠎ᠶ᠋ᠢ ᠤᠲᠠᠰᠤᠳᠠᠭᠠᠷᠠᠶ ᠭᠡᠵᠦ ᠤᠷᠢᠶᠠᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃