ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-23 18:14:58

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠢᠯᠠᠭᠠᠬᠰᠠᠨ ᠵᠢᠨᠷ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠤᠯᠠᠮ ᠴᠢᠨᠠᠭ᠍ᠰᠢᠳᠠ ᠰᠠᠢᠲᠤᠷ ᠬᠢᠵᠦ᠍᠂ ᠬᠢᠵᠢᠭ᠎ᠦᠨ ᠪᠠᠢᠳᠠᠯ᠎ᠤᠨ ᠲᠠᠷᠬᠠᠵᠦ ᠳᠡᠯᠭᠡᠷᠡᠬᠦ᠌ ᠠᠷᠭ᠎ᠠ ᠵᠠᠮ᠎ᠢ ᠪᠦᠬᠦ᠌ ᠬᠦᠴᠦ᠍ ᠎ᠪᠡᠷ ᠎ᠢᠶᠡᠨ ᠬᠣᠷᠢᠭ᠍ᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ᠍ ᠬᠣᠷᠢᠭ᠍ᠯᠠᠨ ᠠᠷᠢᠯᠭᠠᠬᠤ ᠳᠠᠢᠯᠠᠯᠳᠤᠭᠠᠨ ᠎ᠤ ᠢᠯᠠᠯᠲᠠ᠎ᠶ᠋ᠢ ᠤᠯᠬᠤ᠎ᠶ᠋ᠢᠨ ᠲᠥᠯᠥᠭᠡ᠂ ᠬᠦᠬᠡᠬᠤᠲᠠ ᠵᠢᠨ ᠬᠢᠨ 2 ᠰᠠᠷ᠎ᠠ᠎ᠶ᠋ᠢᠨ 23 ᠎ᠤ ᠡᠳᠦᠷ᠎ᠦᠨ 8 ᠴᠠᠭ᠎ᠡᠴᠠ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ《ᠡᠭᠦᠳᠡ ᠲᠣᠭ᠍ᠰᠢᠬᠤ ᠠᠵᠢᠯᠯᠠᠭ᠎ᠠ》ᠥᠷᠨᠢᠭᠦᠯᠵᠤ ᠡᠬᠢᠯᠡᠪᠡ᠃

ᠬᠠᠮᠢᠶ᠎ᠠ ᠪᠦᠬᠦᠢ ᠲᠠᠯ᠎ᠠ ᠡᠴᠡ ᠬᠤᠲᠠ ᠵᠢᠨ ᠠᠷᠠᠳ ᠲᠤ᠌ ᠰᠠᠨᠠᠭᠤᠯᠤᠬᠰᠠᠨ ᠵᠢᠠᠷ᠂ ᠲᠤᠬᠠᠢ ᠵᠢᠨ ᠦᠶ᠎ᠡ ᠳ᠋ᠤ ᠬᠠᠮᠢᠶ᠎ᠠ ᠪᠦᠬᠦᠢ ᠠᠵᠢᠯᠲᠠᠨ ᠭᠡᠷ ᠲᠤ᠌ ᠴᠢᠨᠢ ᠬᠦᠷᠬᠦ ᠪᠤᠶᠤ ᠤᠲᠠᠰᠤ᠎ᠪᠠᠷ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠠᠢᠳᠠᠯ᠎ᠢ ᠣᠢᠯᠠᠭᠠᠬᠤ ᠪᠤᠯᠤᠨ᠎ᠠ᠃ ᠲᠡᠳᠡᠨ᠎ᠤ ᠠᠵᠢᠯ ᠎ᠳᠤ ᠢᠳᠡᠪᠬᠢᠲᠡᠶ ᠰᠠᠨᠠᠭᠠᠴᠢᠯᠠᠭ᠎ᠠ᠎ᠠᠴᠠ᠎ᠪᠠᠨ ᠬᠠᠮᠵᠢᠯᠴᠠᠵᠤ᠂ ᠦᠪᠡᠷ᠎ᠤᠨ ᠪᠣᠯᠤᠨ ᠬᠡᠷ ᠎ᠦᠨ ᠬᠥᠮᠦᠰ᠎ᠦᠨ ᠵᠢᠨᠨ᠎ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠠᠢᠳᠠᠯ᠎ᠢ ᠦᠨᠡᠨ ᠪᠣᠳᠠᠲᠠᠶ᠎ᠪᠠᠷ ᠬᠠᠩᠭᠠᠭᠠᠷᠠᠶ᠃ ᠪᠥᠭᠡᠮ ᠬᠦᠴᠢᠯ ᠎ᠦᠨ ᠪᠠᠢᠴᠠᠭᠠᠯᠲᠠ ᠬᠢᠭ᠌ᠰᠡᠨ ᠥᠬᠡᠶ ᠬᠥᠮᠦᠰ ᠰᠠᠨᠠᠭᠠᠴᠢᠯᠠᠭ᠎ᠠ᠎ᠠᠴᠠ᠎ᠪᠠᠨ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠴᠡᠭ᠎ᠲᠦ ᠬᠦᠷᠴᠦ᠍ ᠪᠥᠭᠡᠮ ᠬᠦᠴᠢᠯ᠎ᠦᠨ ᠪᠠᠢᠴᠠᠭᠠᠯᠲᠠ ᠬᠢᠯᠭᠡᠷᠡᠶ᠃ ᠨᠠᠰᠤ ᠠᠭ᠍ᠠᠰᠢᠷᠠᠭ᠍ᠰᠠᠨ᠂ ᠡᠪᠡᠳᠴᠢᠯᠡᠭ᠌ᠰᠡᠨ ᠵᠡᠷᠭᠡ ᠬᠥᠳᠡᠯᠵᠦ᠍ ᠪᠠᠷᠢᠬᠤ ᠎ᠳᠤ ᠳᠥᠭᠥᠮ ᠦᠭᠡᠢ ᠬᠥᠮᠦᠰ ᠪᠠᠢᠪᠠᠯ᠂ ᠰᠠᠨᠠᠭᠠᠴᠢᠯᠠᠭ᠎ᠠ᠎ᠠᠴᠠ᠎ᠪᠠᠨ ᠪᠠᠢᠭ᠎ᠠ ᠨᠡᠢᠭᠡᠮ ᠲᠣᠭᠣᠷᠢᠭ ( ᠲᠣᠰᠭᠣᠨ ) ᠎ᠲᠠᠭᠠᠨ ᠮᠡᠳᠡᠭᠦᠯᠤᠭᠡᠷᠡᠢ᠂ ᠲᠤᠰᠭᠠᠶ ᠬᠥᠮᠦᠨ ᠲᠣᠬᠢᠷᠠᠭᠤᠯᠤᠨ ᠬᠡᠷ᠎ᠲᠤ ᠨᠢ ᠣᠴᠢᠭᠤᠯᠤᠨ ᠪᠥᠭᠡᠮ ᠬᠦᠴᠢᠯ᠎ᠦᠨ ᠪᠠᠢᠴᠠᠭᠠᠯᠲᠠ ᠬᠢᠵᠦ ᠥᠭᠬᠦ ᠪᠤᠯᠤᠨ᠎ᠠ ᠭᠡᠪᠡ᠃

ᠠᠩᠬᠠᠭᠠᠷᠤᠰᠢᠲᠠᠢ ᠨᠢ᠂ 《ᠡᠭᠦᠳᠡ ᠲᠣᠭ᠍ᠰᠢᠬᠤ ᠠᠵᠢᠯᠯᠠᠭ᠎ᠠ》 ᠳ᠋ᠤ ᠠᠵᠢᠯᠲᠠᠨ᠎ᠤ ᠯᠠᠪᠯᠠᠨ ᠠᠰᠠᠭᠤᠬᠤ ᠠᠭᠤᠯᠭ᠎ᠠ᠎ᠨᠢ ᠲᠠᠨ ᠎ᠤ ᠬᠠᠳᠠᠭᠠᠯᠠᠮᠵᠢ᠎ᠶ᠋ᠢᠨ ᠮᠡᠳᠡᠭᠡ ᠵᠠᠩᠭᠢ᠂ ᠪᠠᠩᠬᠢ᠎ᠶ᠋ᠢᠨ ᠲᠠᠩᠰᠠᠨ ᠨᠣᠮᠧᠷ᠂ ᠨᠢᠭᠤᠴᠠ ᠨᠣᠮᠧᠷ᠂ ᠱᠢᠯᠭᠠᠨ ᠪᠠᠲᠤᠯᠠᠬᠤ ᠺᠣᠳ᠋ ᠵᠡᠷᠭᠡ ᠮᠡᠳᠡᠭᠡ ᠵᠠᠩᠭᠢ᠎ᠳᠤ ᠬᠣᠯᠪᠣᠭ᠍ᠳᠠᠬᠤ ᠥᠬᠡᠶ᠂ ᠪᠠᠰᠠ ᠲᠠᠨ᠎ᠤ ᠲᠠᠩᠰᠠ ᠱᠢᠯᠵᠢᠭᠦᠯᠬᠦ᠌᠂ ᠵᠣᠭᠣᠰ ᠭᠤᠪᠢᠭᠤᠯᠬᠤ᠂ ᠬᠢᠵᠢᠭ᠎ᠢ ᠰᠡᠷᠭᠡᠢᠯᠡᠬᠦ᠌ ᠡᠳ᠋ ᠪᠣᠳᠠᠰ ᠬᠤᠳᠠᠯᠳᠤᠨ ᠠᠪᠬᠤ ᠵᠡᠷᠭᠡ ᠬᠤᠳᠠᠯᠳᠤᠭ᠎ᠠ ᠬᠢᠬᠦ ᠵᠢ ᠱᠠᠭᠠᠷᠳᠠᠬᠤ ᠥᠬᠡᠶ᠂ ᠳᠡᠭᠡᠷᠡᠬᠢ ᠬᠠᠮᠢᠶ᠎ᠠ ᠪᠥᠬᠥᠶ ᠠᠭᠤᠯᠭ᠎ᠠ᠎ᠳᠤ ᠬᠣᠯᠪᠣᠭ᠍ᠳᠠᠪᠠᠯ᠎ᠲᠠ᠎ᠮᠡᠬᠡᠯᠡᠯ᠎ᠳᠦ᠎ᠤᠴᠠᠷᠠᠬᠰᠠᠨ ᠪᠠᠢᠵᠤ ᠮᠡᠳᠡᠨ᠎ᠡ᠂ ᠳᠠᠷᠤᠶ ᠲᠦᠷᠭᠡᠨ 110 ᠎ᠪᠠᠷ ᠴᠠᠭ᠍ᠳᠠᠭ᠎ᠠ᠎ᠳᠤ ᠮᠡᠳᠡᠭᠦᠯᠦᠭᠡᠷᠡᠶ᠃

ᠢᠷᠡᠯᠲᠡ᠄ ᠬᠦᠬᠡᠬᠤᠲᠠ ᠵᠢᠨ ᠡᠳᠦᠷ᠎ᠤᠨ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面