ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-23 18:16:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠮᠠᠨ᠎ᠤ ᠤᠷᠤᠨ᠎ᠤ ᠶᠡᠬᠡ ᠳᠡᠭᠡᠳᠦ ᠰᠤᠷᠭᠠᠭᠤᠯᠢ ᠨᠤᠭᠤᠳ ᠬᠣᠢᠨ᠎ᠠ ᠬᠣᠢᠨ᠎ᠠ᠎ᠠᠴᠠ᠎ᠪᠠᠨ ᠳᠡᠭᠡᠳᠦ ᠱᠠᠲᠤᠨ᠎ᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢᠴᠢ ᠪᠣᠳᠠᠲᠠᠶ ᠪᠠᠢᠳᠠᠯ᠎ᠢᠶᠠᠨ ᠦᠨᠳᠦᠰᠦᠯᠡᠨ ᠰᠤᠷᠭᠠᠭᠤᠯᠢ ᠡᠬᠢᠯᠡᠬᠦ᠌ ᠲᠥᠯᠥᠪᠯᠡᠭᠡ᠎ᠳᠡᠭᠡᠨ ᠲᠣᠬᠢᠷᠠᠭᠤᠯᠤᠯᠲᠠ ᠬᠢᠵᠦ᠍᠂ ᠰᠤᠷᠤᠭ᠍ᠴᠢᠳ᠎ᠲᠤ ᠰᠤᠷᠭᠠᠭᠤᠯᠢ᠎ᠳᠠᠭᠠᠨ ᠪᠤᠴᠠᠬᠤ᠎ᠪᠠᠨ ᠲᠦᠷ ᠬᠣᠢᠱᠢᠯᠠᠭᠤᠯᠬᠤ᠎ᠶ᠋ᠢ ᠮᠡᠳᠡᠭ᠌ᠳᠡᠵᠦ᠍᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠎ᠶ᠋ᠢᠨ ᠠᠵᠢᠯ ᠎ᠢ ᠵᠠᠯᠭᠠᠭ᠎ᠠ᠎ᠪᠠᠷ ᠡᠬᠢᠯᠡᠭᠦᠯᠪᠡ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ 2 ᠰᠠᠷ᠎ᠠ᠎ᠶ᠋ᠢᠨ 21 ᠎ᠦ ᠡᠳᠦᠷ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠵᠢᠨ ᠠᠵᠢᠯ ᠵᠢᠨᠨ ᠡᠬᠢᠯᠡᠭᠦᠯᠦᠭᠰᠡᠨ᠎ᠡᠴᠡ ᠭᠠᠳᠠᠨ᠎ᠠ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠂ ᠥᠪᠥᠷ ᠮᠣᠩᠭᠣᠯ ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠦᠢᠯᠡᠰ ᠪᠤᠰᠬᠠᠬᠤ ᠳᠡᠭᠡᠳᠦ ᠰᠤᠷᠭᠠᠭᠤᠯᠢ ᠴᠥᠮ 2 ᠰᠠᠷ᠎ᠠ᠎ᠶ᠋ᠢᠨ 28 ᠎ᠤ ᠡᠳᠦᠷ᠎ᠡᠴᠡ ᠡᠬᠢᠯᠡᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠎ᠶ᠋ᠢᠨ ᠠᠵᠢᠯ ᠵᠢᠨᠨ ᠡᠬᠢᠯᠡᠭᠦᠯᠬᠦ᠌᠎ᠪᠡᠷ ᠲᠥᠯᠥᠪᠯᠡᠵᠦ᠍᠂ ᠥᠪᠥᠷ ᠮᠣᠩᠭᠣᠯ᠎ᠤᠨ ᠬᠣᠩ ᠳ᠋ᠸ ᠨᠡᠢᠭᠡᠮ ᠪᠠᠢᠭᠠᠯᠢ ᠵᠢᠨ ᠱᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ 2 ᠰᠠᠷ᠎ᠠ᠎ᠶ᠋ᠢᠨ 24 ᠎ᠦ ᠡᠳᠦᠷ᠎ᠡᠴᠡ ᠡᠬᠢᠯᠡᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠎ᠶ᠋ᠢᠨ ᠠᠵᠢᠯ ᠵᠢᠨᠨ ᠡᠬᠢᠯᠡᠭᠦᠯᠬᠦ᠌᠎ᠪᠡᠷ ᠪᠠᠢᠨ᠎ᠠ᠃

ᠡᠯ᠎ᠡ ᠶᠡᠬᠡ ᠳᠡᠭᠡᠳᠦ ᠰᠤᠷᠭᠠᠭᠤᠯᠢ ᠵᠢᠨ ᠬᠢᠨ ᠴᠦᠮ ᠰᠤᠷᠤᠭ᠍ᠴᠢᠳ᠎ᠤᠨ ᠰᠤᠷᠭᠠᠭᠤᠯᠢ᠎ᠳᠠᠭᠠᠨ ᠪᠤᠴᠠᠬᠤ ᠪᠣᠳᠠᠲᠠᠶ ᠡᠳᠦᠷ ᠬᠤᠭᠤᠴᠠᠭ᠎ᠠ᠎ᠶ᠋ᠢ ᠬᠢᠵᠢᠭ᠎ᠦᠨ ᠬᠤᠪᠢᠷᠠᠯᠲᠠ᠎ᠶ᠋ᠢᠨ ᠪᠠᠢᠳᠠᠯ ᠪᠠ ᠳᠡᠭᠡᠳᠦ ᠱᠠᠲᠤᠨ᠎ᠤ ᠰᠠᠯᠠᠭ᠎ᠠ ᠮᠥᠴᠢᠷ᠎ᠦᠨ ᠱᠠᠭᠠᠷᠳᠠᠯᠭ᠎ᠠ᠎ᠶ᠋ᠢ ᠦᠨᠳᠦᠰᠦᠯᠡᠨ᠎ᠲᠣᠭ᠍ᠲᠠᠭᠠᠬᠤ᠎ᠪᠠᠷ ᠪᠠᠢᠨ᠎ᠠ᠂ ᠰᠤᠷᠭᠠᠭᠤᠯᠢ᠎ᠶ᠋ᠢᠨ ᠨᠡᠢᠲᠡᠯᠡᠭ᠌ᠰᠡᠨ ᠰᠤᠷᠭᠠᠭᠤᠯᠢ᠎ᠳᠠᠭᠠᠨ ᠪᠤᠴᠠᠬᠤ ᠮᠡᠳᠡᠭ᠌ᠳᠡᠯ᠎ᠢ ᠤᠯᠬᠤ᠎ᠠᠴᠠ ᠡᠮᠦᠨ᠎ᠡ ᠤᠷᠢᠳᠴᠢᠯᠠᠨ ᠰᠤᠷᠭᠠᠭᠤᠯᠢ᠎ᠳᠠᠭᠠᠨ ᠪᠤᠴᠠᠵᠤ ᠪᠣᠯᠬᠤ ᠥᠬᠡᠶ ᠭᠡᠵᠦ ᠮᠡᠳᠡᠭᠳᠡᠪᠡ᠃

ᠢᠷᠡᠯᠲᠡ ᠄ ᠦᠪᠦᠷ ᠮᠤᠩᠭᠤᠯ᠎ᠤᠨ ᠡᠳᠦᠷ᠎ᠤᠨ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面