2022-02-24 09:14:22
ᠬᠥᠬᠡᠬᠣᠲᠠ ᠳᠦᠷᠪᠡᠳᠦᠭᠡᠷ ᠡᠭᠡᠯᠵᠢ᠎ᠵᠢᠨ ᠪᠦᠬᠡᠮ ᠬᠦᠴᠢᠯ᠎ᠤᠨ ᠪᠠᠢᠴᠠᠭᠠᠯᠳᠠ᠎ᠵᠢ ᠡᠬᠢᠯᠡᠬᠦᠯᠬᠦ᠎ᠳᠡᠭᠡᠨ᠂ ᠡᠬᠢ ᠪᠠᠶᠠᠯᠢᠭ᠎ᠢ ᠨᠡᠢᠳᠬᠡᠵᠦ᠂ ᠬᠦᠴᠦᠨ ᠴᠢᠳᠠᠯ᠎ᠢ ᠰᠢᠯᠵᠢᠬᠦᠯᠦᠨ ᠲᠦᠪᠯᠡᠷᠡᠬᠦᠯᠵᠦ᠂ ᠤᠯᠠᠨ ᠲᠦᠮᠡᠨ᠎ᠤ ᠬᠡᠷᠡᠭᠴᠡᠭᠡ᠎ᠵᠢ ᠬᠦᠢᠴᠡᠳ ᠤᠢᠯᠠᠭᠠᠨ ᠦᠪᠡᠷᠮᠢᠴᠡ ᠦᠢᠯᠡᠴᠢᠯᠡᠭᠡ ᠬᠠᠩᠭᠠᠬᠤ ᠪᠠ ᠪᠦᠭᠡᠮ ᠬᠦᠴᠢᠯ᠎ᠤᠨ ᠪᠠᠢᠴᠠᠭᠠᠯᠳᠠ᠎ᠵᠢ ᠪᠦᠬᠦᠨ᠎ᠢ ᠪᠦᠷᠬᠦᠬᠦᠯᠬᠦ᠎ᠵᠢ ᠵᠡᠷᠭᠡ ᠪᠡᠷ ᠦᠷᠨᠢᠬᠦᠯᠵᠦ᠂ ᠪᠦᠬᠡᠮ ᠬᠦᠴᠢᠯ᠎ᠤᠨ ᠪᠠᠢᠴᠠᠭᠠᠯᠳᠠ᠎ᠵᠢᠨ ᠠᠵᠢᠯ᠎ᠤᠨ 《ᠪᠠᠢᠴᠠᠭᠠᠬᠤ ᠶᠤᠰᠤᠳᠠᠢ᠎ᠵᠢ ᠨᠢ ᠪᠦᠬᠦᠨ᠎ᠢ ᠪᠠᠢᠴᠠᠭᠠᠵᠤ᠂ ᠨᠢᠭᠡ ᠬᠦᠮᠦᠨ᠎ᠢ ᠴᠦ᠍ ᠤᠷᠬᠢᠭᠳᠠᠭᠤᠯᠬᠤ ᠦᠭᠡᠢ》 ᠪᠠᠢᠬᠤ ᠵᠢ ᠪᠠᠲᠤᠯᠠᠵᠤ ᠪᠠᠢᠨ᠎ᠠ᠃
ᠬᠦᠬᠡᠬᠤᠳᠠ᠎ᠵᠢᠨ ᠬᠢᠨ ᠡᠮᠦᠨᠡᠬᠢ ᠬᠤᠭᠤᠴᠠᠭᠠᠨ᠎ᠳᠤ ᠡᠵᠡᠮᠱᠢᠭ᠌ᠰᠡᠨ ᠬᠠᠷᠢᠶ᠎ᠠ ᠣᠷᠣᠨ᠎ᠤ ᠳᠣᠲᠣᠷᠠᠬᠢ ᠵᠡᠮᠳᠡᠭᠴᠤᠳ᠂ ᠬᠥᠳᠡᠯᠵᠦ᠍ ᠪᠠᠷᠢᠬᠤ᠎ᠳᠤ ᠳᠥᠭᠥᠮ ᠦᠭᠡᠢ ᠨᠠᠰᠤᠲᠠᠢᠴᠤᠳ᠂ ᠴᠢᠳᠠᠪᠤᠷᠢ᠎ᠪᠡᠨ ᠠᠯᠳᠠᠭ᠍ᠰᠠᠨ ᠪᠤᠶᠤ ᠴᠢᠳᠠᠪᠤᠷᠢ ᠪᠡᠨ ᠬᠠᠭᠠᠰ ᠠᠯᠳᠠᠭ᠍ᠰᠠᠨ ᠨᠠᠰᠤᠳᠠᠢᠴᠤᠳ᠂ ᠨᠢᠯᠬ᠎ᠠ ᠨᠢᠷᠠᠶ ᠬᠡᠦᠬᠡᠳ ᠵᠡᠷᠭᠡ ᠣᠨᠴᠠᠭᠠᠶ ᠬᠥᠮᠦᠰ᠎ᠦᠨ ᠮᠡᠳᠡᠭᠡ ᠵᠠᠩᠭᠢ᠎ᠶ᠋ᠢ ᠦᠨᠳᠦᠰᠦᠯᠡᠨ᠂ ᠬᠣᠯᠪᠣᠭ᠍ᠳᠠᠯ ᠪᠥᠬᠥᠶ ᠬᠣᠱᠢᠭᠤ ᠱᠢᠶᠠᠨ ᠲᠣᠭᠣᠷᠢᠭ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠯᠠᠭ᠎ᠠ ᠮᠥᠴᠢᠷ᠎ᠦᠨ ᠡᠮᠨᠡᠯᠭᠡ᠎ᠶ᠋ᠢᠨ ᠠᠵᠢᠯᠲᠠᠨ᠎ᠢ ᠲᠠᠳᠠᠵᠤ᠂ ᠨᠡᠭᠦᠳᠡᠯ ᠥᠯᠢᠭᠡᠷ ᠠᠪᠬᠤ ᠡᠩᠨᠡᠭᠡ᠎ᠶ᠋ᠢ ᠵᠣᠬᠢᠶᠠᠨ ᠪᠠᠢᠭᠤᠯᠵᠤ᠂ ᠱᠢᠶᠠᠩ ᠪᠠᠯᠭᠠᠰᠤ᠂ ᠵᠡᠭᠡᠯᠢ ᠭᠤᠳᠤᠮᠵᠢ᠎ᠶ᠋ᠢᠨ ᠥᠯᠢᠭᠡᠷ ᠠᠪᠬᠤ ᠴᠡᠭ᠎ᠦᠨ ᠬᠠᠷᠢᠭᠤᠴᠠᠯᠭᠠᠲᠠᠨ᠎ᠤ ᠬᠠᠮᠵᠢᠯᠴᠠᠭ᠎ᠠ ᠳᠤᠤᠷ᠎ᠠ᠂ ᠡᠷᠦᠬᠡ ᠪᠡᠷ ᠬᠦᠷᠴᠤ ᠥᠯᠢᠭᠡᠷ ᠠᠪᠬᠤ ᠠᠵᠢᠯ᠎ᠢ ᠥᠷᠨᠢᠭᠦᠯᠵᠦ᠍᠂ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ 《ᠪᠠᠢᠴᠠᠭᠠᠬᠤ ᠶᠣᠰᠣᠲᠠᠶ᠎ᠶ᠋ᠢ᠎ᠨᠢ ᠪᠦᠬᠦᠨ᠎ᠢ ᠪᠠᠢᠴᠠᠭᠠᠵᠤ᠂ ᠨᠢᠭᠡ ᠬᠥᠮᠦᠨ᠎ᠢ ᠴᠦ᠍ ᠣᠷᠬᠢᠭ᠍ᠳᠠᠭᠤᠯᠬᠤ ᠥᠬᠡᠶ》 ᠪᠠᠢᠬᠤ᠎ᠶ᠋ᠢ ᠠᠯᠢ ᠴᠢᠳᠠᠬᠤ᠎ᠪᠠᠷ ᠰᠠᠢᠳᠤᠷ ᠬᠢᠵᠤ ᠪᠤᠢ᠃
ᠤᠯᠠᠨᠲᠦᠮᠡᠨᠤᠬᠡᠷᠡᠭᠴᠡᠭᠡᠵᠢ ᠬᠦᠢᠴᠡᠳ ᠤᠢᠯᠠᠭᠠᠨ ᠦᠪᠡᠷᠮᠢᠴᠡ ᠦᠢᠯᠡᠴᠢᠯᠡᠭᠡ ᠬᠠᠩᠭᠠᠬᠤ ᠪᠠ ᠪᠦᠭᠡᠮ ᠬᠦᠴᠢᠯ᠎ᠤᠨ ᠪᠠᠢᠴᠠᠭᠠᠯᠳᠠ᠎ᠵᠢ ᠪᠦᠬᠦᠨ᠎ᠢ ᠪᠦᠷᠬᠦᠬᠦᠯᠬᠦ ᠶ᠋ᠢ ᠵᠣᠬᠢᠶᠠᠨ ᠪᠠᠢᠭᠤᠯᠬᠤ᠎ᠪᠠᠷ ᠳᠡᠮᠵᠢᠵᠦ᠂ ᠬᠥᠬᠡᠬᠣᠲᠠ᠎ᠶ᠋ᠢᠨ ᠳᠥᠷᠪᠡᠳᠦᠭᠡᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠬᠥᠮᠦᠨ᠎ᠦ ᠲᠣᠭ᠎ᠠ ᠨᠢ ᠲᠦᠷᠦᠭᠦᠦ ᠬᠡᠳᠦᠨ ᠡᠭᠡᠯᠵᠢᠶ᠋ᠢᠨᠬᠢᠡᠴᠡ ᠵᠤᠬᠢᠬᠤ ᠭᠡᠮᠵᠢᠶ᠎ᠠ ᠪᠠᠷ ᠳᠡᠭᠡᠭ᠌ᠰᠢᠯᠡᠪᠡ᠃ ᠡᠭᠦᠨ᠎ᠦ ᠬᠠᠮᠲᠤ 《ᠠᠷᠭ᠎ᠠ ᠴᠢᠨᠠᠷ ᠳᠠᠢ ᠡᠪᠡᠳᠴᠢᠨ᠎ᠤ ᠵᠢᠱ᠌ᠢᠶ᠎ᠡ᠎ᠵᠢ ᠮᠥᠷᠳᠡᠬᠦ ᠲᠤᠰᠭᠠᠶ ᠠᠩᠭᠢ》᠎ᠶ᠋ᠢ ᠵᠣᠬᠢᠶᠠᠨ ᠪᠠᠢᠭᠤᠯᠵᠤ᠂ ᠬᠣᠯᠢᠮᠠᠭ ᠬᠤᠭᠤᠯᠠᠢ᠎ᠵᠢᠨ ᠪᠠᠢᠴᠠᠭᠠᠯᠲᠠ᠎ᠳᠤ ᠠᠷᠭ᠎ᠠ ᠴᠢᠨᠠᠷ ᠲᠠᠶ ᠥᠯᠢᠭᠡᠷ ᠡᠳ᠋᠎ᠢ ᠢᠯᠡᠷᠡᠭᠦᠯᠦᠭ᠌ᠰᠡᠨᠦ ᠳᠠᠷᠠᠭ᠎ᠠ᠂ ᠲᠡᠷᠡ ᠳᠠᠷᠤᠶ᠎ᠳᠤᠨᠢ ᠠᠷᠭ᠎ᠠ ᠴᠢᠨᠠᠷ ᠲᠠᠶ ᠬᠢᠵᠢᠭ᠎ᠲᠦ ᠬᠣᠯᠪᠣᠭ᠍ᠳᠠᠭ᠍ᠰᠠᠨ ᠬᠦᠮᠦᠨ᠎ᠳᠦ ᠭᠠᠭ᠍ᠴᠠ ᠬᠥᠮᠦᠨ ᠲᠠᠩ ᠬᠣᠭᠣᠯᠠᠶ᠎ᠪᠠᠷ ᠲᠤᠰᠠᠭᠠᠷ ᠥᠯᠢᠭᠡᠷ ᠠᠪᠴᠦ᠂ ᠳ᠋ᠠᠩ ᠭᠠᠭ᠍ᠴᠠ ᠥᠯᠢᠭᠡᠷ ᠡᠳ᠋᠎ᠢ 6 ᠴᠠᠭ᠎ᠤᠨ ᠳᠣᠲᠣᠷ᠎ᠠ ᠰᠢᠯᠭᠠᠨ ᠪᠠᠢᠴᠠᠭᠠᠬᠤ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠦ᠂ ᠠᠷᠭ᠎ᠠ ᠴᠢᠨᠠᠷ ᠲᠠᠶ ᠬᠠᠯᠳᠠᠪᠤᠷᠢᠯᠠᠭ᠍ᠳᠠᠭᠴᠢ᠎ᠵᠢᠨ ᠤᠷᠤᠨ ᠪᠠᠢᠷᠢ᠎ᠵᠢ ᠤᠨᠤᠴᠠᠳᠠᠢ ᠲᠤᠭᠳᠠᠭᠠᠵᠤ᠂ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ᠎ᠶ᠋ᠢᠨ ᠡᠬᠢ ᠰᠤᠷᠪᠤᠯᠵᠢ᠎ᠶ᠋ᠢ ᠨᠢ ᠮᠦᠷᠳᠡᠬᠦ ᠪᠠ ᠲᠤᠰᠠᠭᠠᠷᠯᠠᠨ ᠬᠠᠮᠢᠶᠠᠷᠤᠨ ᠡᠵᠡᠮᠳᠡᠬᠦ᠌᠎ᠶ᠋ᠢ ᠴᠠᠭ ᠲᠤᠬᠠᠶ᠎ᠳᠤᠨᠢ ᠥᠷᠨᠢᠭᠦᠯᠬᠦ᠌᠎ᠵᠢ ᠪᠠᠳᠤᠯᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃