ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-23 11:29:03

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 22 ᠎ᠤᠨ ᠡᠳᠦᠷ᠂ ᠬᠥᠬᠡᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠨᠠᠢ᠍ᠮᠠᠳᠤᠭᠠᠷ ᠤᠳᠠᠭᠠᠨ᠎ᠤ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠬᠥᠬᠡᠬᠤᠲᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠬᠤᠯᠪᠣᠭ᠍ᠳᠠᠯ ᠪᠥᠬᠦᠶ ᠪᠠᠢᠳᠠᠯ᠎ᠢ ᠮᠡᠳᠡᠭ᠌ᠳᠡᠪᠡ᠃

ᠣᠳᠣᠬᠠᠨ᠎ᠳᠤ᠂ ᠳᠤᠳᠤᠯᠠᠭᠰᠠᠨ ᠡᠪᠡᠳᠴᠢᠨ᠎ᠤ ᠵᠢᠱ᠌ᠢᠶ᠎ᠡ ᠴᠥᠮ ᠲᠣᠭ᠍ᠲᠠᠭ᠍ᠰᠠᠨ ᠡᠮᠨᠡᠯᠭᠡ᠎ᠶ᠋ᠢᠨ ᠬᠤᠷᠢᠶ᠎ᠠ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠡᠮᠨᠡᠯᠭᠡ᠎ᠶ᠋ᠢᠨ ᠬᠤᠷᠢᠶ᠎ᠠ) ᠳ᠋ᠦ᠍ ᠲᠤᠰᠠᠭᠠᠷᠯᠠᠨ ᠡᠮᠨᠡᠭᠦᠯᠵᠦ᠍ ᠪᠠᠢᠨ᠎ᠠ᠃ ᠲᠤᠰᠭᠠᠶ ᠮᠡᠷᠭᠡᠵᠢᠯᠲᠡᠨ᠎ᠤ ᠬᠠᠮᠲᠤᠷᠠᠨ ᠣᠨᠣᠱᠢᠯᠠᠭ᠍ᠰᠠᠨ᠎ᠢᠶᠠᠷ᠂ 69 ᠡᠪᠡᠳᠴᠢᠨ᠎ᠤ ᠵᠢᠱ᠌ᠢᠶ᠎ᠡ᠎ᠨᠢ ᠡᠩ᠎ᠤᠨ ᠬᠡᠯᠪᠡᠷᠢ᠎ᠶ᠋ᠢᠨ᠂ 123 ᠡᠪᠡᠳᠴᠢᠨ᠎ᠤ ᠵᠢᠱ᠌ᠢᠶ᠎ᠡ᠎ᠨᠢ ᠬᠥᠩᠭᠡᠨ ᠬᠡᠯᠪᠡᠷᠢ᠎ᠶ᠋ᠢᠨ᠂ 6 ᠬᠦᠨᠳᠦ ᠡᠪᠡᠳᠴᠢᠨ᠎ᠤ ᠵᠢᠱ᠌ᠢᠶ᠎ᠡ᠂ 1 ᠬᠦᠨᠳᠦ ᠲᠦᠭ᠌ᠰᠢᠭᠦᠷᠢᠲᠡᠶ ᠡᠪᠡᠳᠴᠢᠨ᠎ᠤ ᠵᠢᠱ᠌ᠢᠶ᠎ᠡ᠂ ᠥᠭᠦᠭ᠌ᠰᠡᠨ ᠡᠪᠡᠳᠴᠢᠨ᠎ᠤ ᠵᠢᠱ᠌ᠢᠶ᠎ᠡ ᠪᠠᠢᠬᠤ ᠥᠬᠡᠶ᠃ ᠳᠤᠳᠤᠯᠠᠭᠰᠠᠨ ᠡᠪᠡᠳᠴᠢᠨ᠎ᠤ ᠵᠢᠱ᠌ᠢᠶ᠎ᠡ ᠵᠢᠨ ᠬᠠᠮᠤᠭ᠎ᠤᠨ ᠪᠠᠭ᠎ᠠ᠎ᠨᠢ 2 ᠨᠠᠰᠤᠲᠠᠶ᠂ ᠬᠠᠮᠤᠭ᠎ᠤᠨ ᠶᠡᠭᠡ᠎ᠨᠢ 85 ᠨᠠᠰᠤᠲᠠᠶ; 60 ᠨᠠᠰᠤᠨ᠎ᠠᠴᠠ ᠳᠡᠭᠡᠭ᠌ᠰᠢᠬᠢ ᠨᠠᠰᠤᠲᠠᠨ 57 ᠬᠥᠮᠦᠨ᠂ 80 ᠨᠠᠰᠤᠨ᠎ᠠᠴᠠ ᠳᠡᠭᠡᠭ᠌ᠰᠢᠬᠢ ᠨᠠᠰᠤᠲᠠᠨ 6 ᠬᠥᠮᠦᠨ ᠪᠠᠢᠨ᠎ᠠ᠃

ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠲᠣᠭ᠍ᠲᠠᠴᠠ᠎ᠠᠴᠠ ᠨᠢᠭᠡᠨᠲᠡ ᠤᠯᠤᠰ᠎ᠤᠨ ᠲᠠᠰ᠎ᠤᠨ ᠡᠮᠴᠢᠯᠡᠭᠡᠨ᠎ᠤ ᠠᠪᠤᠷᠠᠨ ᠵᠠᠰᠠᠬᠤ 8 ᠲᠤᠰᠭᠠᠶ ᠮᠡᠷᠭᠡᠵᠢᠯᠲᠡᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠤᠷᠢᠶ᠎ᠠ᠎ᠳᠤ ᠲᠣᠮᠢᠯᠠᠨ ᠰᠠᠭᠤᠯᠭᠠᠭ᠍ᠰᠠᠨ᠎ᠤ ᠬᠠᠮᠲᠤ ᠥᠪᠥᠷ ᠮᠣᠩᠭᠤᠯ᠎ᠤᠨ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ᠎ᠠᠴᠠ 292 ᠡᠮᠴᠢ ᠰᠤᠪᠢᠯᠠᠭ᠍ᠴᠢ᠎ᠶ᠋ᠢ ᠱᠢᠯᠵᠢᠭᠦᠯᠦᠨ ᠲᠣᠮᠢᠯᠠᠵᠤ ᠲᠣᠭ᠍ᠲᠠᠭ᠍ᠰᠠᠨ ᠡᠮᠨᠡᠯᠭᠡ᠎ᠶ᠋ᠢᠨ ᠬᠤᠷᠢᠶ᠎ᠠ᠎ᠶ᠋ᠢ ᠲᠤᠰᠠᠯᠠᠨ ᠠᠵᠢᠯ ᠥᠷᠨᠢᠭᠦᠯᠵᠦ᠍ ᠪᠠᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠲᠤᠰᠭᠠᠶ ᠮᠡᠷᠭᠡᠵᠢᠯᠲᠡᠨ᠎ᠤ ᠳᠤᠭᠤᠢᠯᠠᠩ᠎ᠤᠨ ᠵᠢᠯᠣᠭᠤᠳᠣᠯᠭ᠎ᠠ ᠳᠤᠤᠷ᠎ᠠ᠂ ᠡᠪᠡᠳᠴᠢᠲᠡᠨ᠎ᠳᠤ ᠣᠷᠣᠨ ᠬᠤᠪᠢᠶᠠᠨ ᠭᠥᠯᠢᠶᠡᠨ ᠠᠪᠴᠤ᠌ ᠡᠮᠨᠡᠨ ᠵᠠᠰᠠᠬᠤ᠂ ᠲᠥᠷᠥᠯ ᠬᠤᠪᠢᠶᠠᠨ ᠬᠠᠮᠢᠶᠠᠷᠬᠤ᠎ᠶ᠋ᠢ ᠬᠡᠷᠡᠭ᠌ᠵᠢᠭᠦᠯᠵᠦ᠍᠂ ᠡᠮᠨᠡᠨ ᠵᠠᠰᠠᠬᠤ ᠪᠣᠭᠤᠮᠲᠠ᠎ᠶ᠋ᠢ ᠡᠮᠦᠨᠡᠱᠢᠯᠡᠭᠦᠯᠵᠦ᠍᠂ ᠭᠤᠤᠯᠳᠠᠯᠭ᠎ᠠ᠎ᠲᠠᠢ ᠡᠪᠡᠳᠴᠢᠲᠡᠨ᠎ᠤ ᠡᠪᠡᠳᠴᠢᠨ᠎ᠤ ᠪᠠᠢᠳᠠᠯ᠎ᠤᠨ ᠬᠤᠪᠢᠷᠠᠯᠲᠠ᠎ᠶ᠋ᠢ ᠬᠥᠳᠡᠯᠦᠩᠭᠦᠶ ᠪᠡᠷ ᠠᠵᠢᠭ᠍ᠯᠠᠨ᠂ ᠡᠪᠡᠳᠴᠢᠲᠡᠨ᠎ᠤ ᠡᠬᠢᠨ᠎ᠤ ᠦᠶ᠎ᠡ᠎ᠶ᠋ᠢᠨ ᠰᠡᠷᠡᠮᠵᠢᠯᠡᠭᠦᠯᠦᠯ᠎ᠢ ᠴᠢᠬᠤᠯᠠᠴᠢᠯᠠᠨ᠎ᠠ᠃

2 ᠰᠠᠷ᠎ᠠ᠎ᠶ᠋ᠢᠨ 22 ᠎ᠤᠨ ᠡᠳᠦᠷ᠎ᠤᠨ 14 ᠴᠠᠭ ᠪᠣᠯᠲᠠᠯ᠎ᠠ᠂ ᠬᠥᠬᠡᠬᠤᠲᠠ᠎ᠶ᠋ᠢᠨ ᠲᠣᠰ ᠡᠭᠡᠯᠵᠢ᠎ᠶ᠋ᠢᠨ ᠬᠢᠵᠢᠭ᠎ᠤᠨ ᠪᠠᠢᠳᠠᠯ᠎ᠳᠤ ᠨᠡᠢᠲᠡ 8049 ᠨᠢᠭ᠍ᠲᠠ ᠣᠢᠷᠠᠲᠤᠭ᠍ᠴᠢ᠂ 3743 ᠳᠠᠮ ᠣᠢᠷᠠᠲᠤᠭ᠍ᠴᠢ᠎ᠵᠢ ᠵᠢᠭ᠍ᠰᠠᠭᠠᠨ ᠪᠠᠢᠴᠠᠭᠠᠪᠠ᠃ ᠳᠤᠳᠤᠯᠠᠭᠰᠠᠨ ᠡᠪᠡᠳᠴᠢᠲᠡᠨ᠎ᠤ ᠲᠠᠬᠤᠯ ᠡᠪᠡᠳᠴᠢᠨ᠎ᠤ ᠪᠠᠢᠴᠠᠭᠠᠯᠲᠠ ᠪᠠ ᠡᠬᠢ ᠡᠭᠦᠰᠦᠯ᠎ᠢ ᠡᠷᠢᠬᠦ᠌ ᠠᠵᠢᠯ ᠮᠥᠨ ᠬᠦ᠌ ᠦᠷᠭᠦᠯᠵᠢᠯᠡᠨ ᠶᠠᠪᠤᠭ᠍ᠳᠠᠵᠤ ᠪᠠᠢᠨ᠎ᠠ᠃ ᠳᠠᠬᠤᠯ ᠡᠪᠡᠳᠴᠢᠨ᠎ᠤ ᠪᠠᠢᠴᠠᠭᠠᠯᠳᠠ ᠪᠡᠷ ᠢᠯᠡᠷᠡᠭᠦᠯᠦᠭᠰᠡᠨ ᠪᠦᠭᠡᠳ ᠳᠤᠰ ᠬᠤᠳᠠ ᠵᠢᠨ ᠬᠠᠷᠢᠶ᠎ᠠ ᠳᠤᠭᠤᠷᠢᠭ ᠳᠦ᠍ ᠪᠠᠢᠬᠤ ᠦᠭᠡᠢ ᠭᠤᠤᠯᠳᠠᠯᠭ᠎ᠠ ᠳᠠᠢ ᠭᠦᠮᠦᠰ᠎ᠤᠨ ᠣᠷᠣᠨ ᠪᠦᠰᠡ᠎ᠶ᠋ᠢᠨ ᠪᠠᠢᠴᠠᠭᠠᠯᠲᠠ᠎ᠶ᠋ᠢᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠬᠦᠷᠭᠡᠵᠦ᠍᠂ ᠬᠢᠵᠢᠭ᠎ᠤᠨ ᠪᠠᠢᠳᠠᠯ᠎ᠤᠨ ᠳᠠᠷᠬᠠᠨ ᠳᠡᠯᠭᠡᠷᠡᠬᠦ᠌᠎ᠶ᠋ᠢ ᠰᠡᠷᠭᠡᠢᠯᠡᠨ ᠬᠤᠷᠢᠭ᠍ᠯᠠᠵᠤ ᠪᠤᠢ᠃ 2 ᠰᠠᠷ᠎ᠠ᠎ᠶ᠋ᠢᠨ 22 ᠎ᠤᠨ ᠡᠳᠦᠷ᠎ᠤᠨ 14 ᠴᠠᠭ ᠪᠣᠯᠲᠠᠯ᠎ᠠ᠂ ᠣᠷᠣᠨ ᠪᠦᠰᠡ᠎ᠶ᠋ᠢᠨ ᠬᠠᠮᠵᠢᠯᠴᠠᠨ ᠪᠠᠢᠴᠠᠭᠠᠬᠤ ᠵᠠᠬᠢᠳᠠᠯ᠎ᠢ ᠨᠡᠢᠲᠡ 477 ᠬᠤᠪᠢ ᠶᠠᠪᠤᠭᠤᠯᠪᠠ᠃

ᠢᠷᠡᠯᠳᠠ᠄ ᠤᠮᠠᠷᠠᠳᠦ ᠵᠢᠨ ᠰᠢᠨ᠎ᠠ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面