ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-24 10:41:29

ᠵᠣᠬᠢᠶᠠᠭ᠍ᠴᠢ᠄ ᠰᠢᠤᠢ ᠶᠤᠸᠠᠢ ᠸᠠᠩ ᠶᠠ ᠵᠢᠩ ᠣᠩᠱᠢᠭ᠍ᠰᠠᠨ ᠣᠳᠠᠭ᠎ᠠ᠄ 3

ᠬᠥᠬᠡᠬᠣᠲᠠ ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠱᠦᠵᠢ᠂ ᠳᠡᠳ᠋ ᠡᠷᠬᠢᠯᠡᠭ᠌ᠴᠢ ᠪᠦᠦ ᠱᠢᠶᠤᠤ ᠮᠢᠩ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( ᠶᠢᠰᠦᠳᠦᠭᠡᠷ ᠲᠠᠯᠠᠪᠤᠷ ) ᠳᠡᠭᠡᠷ᠎ᠡ᠂ ᠣᠳᠣᠬᠠᠨ᠎ᠳᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠢᠵᠤ᠂ ᠰᠡᠷᠭᠡᠢᠯᠡᠨ ᠡᠵᠡᠮᠳᠡᠬᠦ᠌ ᠠᠵᠢᠯ ᠶᠠᠭ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠭᠠᠳ ᠪᠤᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠷᠢᠶ᠎ᠠ ᠣᠷᠣᠨ᠎ᠤ ᠬᠠᠷᠢᠭᠤᠴᠠᠯᠭ᠎ᠠ᠎ᠶ᠋ᠢ ᠴᠢᠩᠭᠠᠳᠭᠠᠨ ᠪᠣᠳᠠᠲᠠᠢᠵᠢᠭᠤᠯᠵᠤ᠂ ᠡᠮᠦᠨ᠎ᠡ ᠹᠷᠣᠨᠲ᠎ᠤᠨ ᠰᠡᠷᠭᠡᠢᠯᠡᠨ ᠡᠵᠡᠮᠳᠡᠬᠦ᠌ ᠠᠵᠢᠯ᠎ᠤᠨ ᠡᠷᠴᠢᠮ᠎ᠢ ᠴᠢᠩᠭᠠᠷᠠᠭᠤᠯᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ᠎ᠠᠴᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠳᠤᠮᠳᠠ ᠲᠤᠱᠢᠶᠠᠯ ᠬᠠᠷᠢᠭᠤᠴᠠᠯᠭ᠎ᠠ᠎ᠪᠠᠨ ᠰᠠᠢᠳᠤᠷ ᠭᠦᠶ᠋ᠴᠡᠳᠭᠡᠨ ᠨᠠᠢᠳᠠᠪᠤᠷᠢᠵᠢᠭᠤᠯᠤᠭ᠍ᠰᠠᠨ ᠥᠬᠡᠶ ᠡᠴᠠ ᠾᠧ ᠯᠢᠩ ᠯᠢᠩ ᠨᠥᠬᠥᠷ᠎ᠢ ᠲᠦᠮᠡᠳ ᠵᠡᠭᠦᠨ ᠬᠣᠱᠢᠭᠤᠨ ᠎ᠤ ᠳᠡᠳ᠋ ᠬᠣᠱᠢᠭᠤᠨ ᠳᠠᠷᠤᠭ᠎ᠠ ᠎ᠶ᠋ᠢᠨ ᠲᠤᠱᠢᠶᠠᠯ᠎ᠠᠴᠠ᠎ᠨᠢ ᠪᠠᠭᠤᠯᠭᠠᠨ᠎ᠠ; ᠸᠸᠨ ᠶᠠᠨ ᠨᠥᠬᠥᠷ᠎ᠢ ᠰᠠᠢᠬᠠᠨ ᠲᠣᠭᠣᠷᠢᠭ᠎ᠤᠨ ᠳᠡᠳ᠋ ᠳᠠᠷᠤᠭ᠎ᠠ᠎ᠶ᠋ᠢᠨ ᠲᠤᠱᠢᠶᠠᠯ᠎ᠡᠴᠠ ᠨᠢ ᠪᠠᠭᠤᠯᠭᠠᠨ᠎ᠠ; ᠸᠠᠩ ᡁᠢ ᠴᠢᠶᠠᠩ ᠨᠥᠬᠥᠷ᠎ᠢ ᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠦᠨ ᠨᠠᠮ᠎ᠤᠨ ᠬᠣᠷᠢᠶᠠᠨ ᠎ᠤ ᠱᠦᠵᠢ ᠎ᠶ᠋ᠢᠨ ᠲᠤᠱᠢᠶᠠᠯ᠎ᠠᠴᠠ ᠨᠢ ᠪᠠᠭᠤᠯᠭᠠᠬᠤ ᠪᠡᠷ ᠲᠤᠬᠲᠠᠪᠠ᠃ ᠬᠥᠬᠡᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠡᠷᠬᠡᠪᠰᠢ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠭᠢᠯᠭᠡ᠎ᠪᠡᠷ ᠭᠦᠨᠵᠡᠭᠡᠶ ᠰᠤᠷᠭᠠᠮᠵᠢ ᠠᠪᠴᠤ᠌᠂ ᠡᠭᠦᠨ᠎ᠢᠶᠡᠷ ᠴᠡᠭᠡᠷᠯᠡᠯ ᠪᠣᠯᠭᠠᠵᠤ᠂ ᠲᠤᠢᠯ᠎ᠤᠨ ᠨᠠᠷᠢᠨ ᠬᠢᠨᠠᠮᠠᠭᠠᠶ᠂ ᠲᠤᠢᠯ᠎ᠤᠨ ᠬᠠᠷᠢᠭᠤᠴᠠᠯᠭ᠎ᠠ᠎ᠲᠠᠶ ᠣᠪᠣᠷ᠎ᠢᠶᠠᠷ᠂ ᠴᠢᠩᠭ᠎ᠠ᠎ᠠᠴᠠ ᠴᠢᠩᠭ᠎ᠠ᠂ ᠪᠣᠳᠠᠲᠠᠶ᠎ᠠᠴᠠ ᠪᠣᠳᠠᠲᠠᠶ ᠪᠠᠢᠬᠤ ᠰᠤᠷᠲᠠᠯ᠎ᠢᠶᠠᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠂ ᠰᠥᠨᠥᠭᠡᠬᠦ᠌ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠤᠯᠬᠤ ᠬᠡᠷᠡᠭ᠌ᠲᠡᠢ᠎ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面