2022-02-24 11:09:23
ᠭᠦᠬᠡᠬᠤᠳᠠ᠄ 9573 ᠨᠢᠬᠳᠠ ᠤᠢᠷᠠᠳᠤᠭᠴᠢ ᠵᠢ ᠪᠠᠢᠴᠠᠭᠠᠨ ᠢᠯᠡᠷᠡᠭᠦᠯᠪᠡ
ᠰᠤᠷᠪᠤᠯᠵᠢᠯᠠᠭ᠍ᠴᠢ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠥᠨᠥᠳᠦᠷ᠎ᠦᠨ (23 ᠤ ᠡᠳᠦᠷ) 16 ᠴᠠᠭ᠎ᠲᠤ ᠬᠤᠷᠠᠯᠳᠤᠭᠤᠯᠤᠭ᠍ᠰᠠᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠬᠥᠬᠡᠬᠣᠲᠠ᠎ᠶ᠋ᠢᠨ ᠵᠢᠷᠭᠤᠳᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ 2022 ᠣᠨ᠎ᠤ 2 ᠰᠠᠷ᠎ᠠ᠎ᠶ᠋ᠢᠨ 24 ᠦ ᠡᠳᠦᠷ᠎ᠦᠨ ᠥᠷᠯᠥᠭᠡ᠎ᠶ᠋ᠢᠨ 7 ᠴᠠᠭ᠎ᠡᠴᠡ 24 ᠦ ᠡᠳᠦᠷ᠎ᠦᠨ 14 ᠴᠠᠭ ᠪᠣᠯᠲᠠᠯ᠎ᠠ ᠦᠯᠢᠭᠡᠷ ᠠᠪᠬᠤ ᠠᠵᠢᠯ᠎ᠢ ᠳᠠᠭᠤᠰᠬᠠᠨ᠎ᠠ᠂ ᠬᠥᠬᠡᠬᠣᠲᠠ᠎ᠶ᠋ᠢᠨ ᠣᠯᠠᠨ ᠲᠦᠮᠡᠨ ᠢᠳᠡᠪᠬᠢᠲᠡᠶ ᠬᠠᠮᠵᠢᠯᠴᠠᠵᠤ᠂ ᠪᠥᠭᠡᠮ ᠬᠦᠴᠢᠯ᠎ᠦᠨ ᠥᠯᠢᠭᠡᠷ ᠠᠪᠬᠤ ᠠᠵᠢᠯᠯᠠᠭ᠎ᠠ᠎ᠳᠤ ᠴᠠᠭ᠎ᠲᠠᠭᠠᠨ ᠣᠷᠣᠯᠴᠠᠬᠤ᠎ᠶ᠋ᠢ ᠬᠦᠰᠡᠵᠦ᠍ ᠪᠠᠢᠨ᠎ᠠ ᠭᠡᠪᠡ᠃
2022 ᠣᠨ᠎ᠤ 2 ᠰᠠᠷ᠎ᠠ᠎ᠶ᠋ᠢᠨ 23 ᠤ ᠡᠳᠦᠷ᠎ᠦᠨ 14 ᠴᠠᠭ ᠪᠣᠯᠲᠠᠯ᠎ᠠ᠂ ᠬᠥᠬᠡᠬᠣᠲᠠ᠎ᠶ᠋ᠢᠨ ᠡᠨᠡ ᠤᠳᠠᠭ᠎ᠠ᠎ᠶ᠋ᠢᠨ ᠬᠢᠵᠢᠭ᠎ᠦᠨ ᠪᠠᠢᠳᠠᠯ᠎ᠳᠤ ᠨᠡᠢᠲᠡ 9573 ᠨᠢᠭ᠍ᠲᠠ ᠣᠢᠷᠠᠲᠤᠭ᠍ᠴᠢ᠎ᠵᠢ ᠵᠢᠭ᠍ᠰᠠᠭᠠᠨ ᠪᠠᠢᠴᠠᠭᠠᠵᠤ᠂ 4645 ᠳᠠᠮ ᠣᠢᠷᠠᠲᠤᠭ᠍ᠴᠢ ᠵᠢ ᠪᠠᠢᠴᠠᠭᠠᠨ ᠢᠯᠡᠷᠡᠭᠦᠯᠦᠭᠰᠡᠨ ᠪᠠᠢᠨ᠎ᠠ᠃ ᠳᠠᠬᠤᠯ ᠡᠪᠡᠳᠴᠢᠨ᠎ᠤ ᠰᠤᠳᠤᠯᠤᠯ᠎ᠤᠨ ᠪᠠᠢᠴᠠᠭᠠᠯᠲᠠ᠎ᠶ᠋ᠢᠨ ᠠᠵᠢᠯ᠎ᠢ ᠲᠦᠷᠭᠡᠳᠭᠡᠨ ᠠᠬᠢᠭᠤᠯᠬᠤᠶ᠋ᠢᠨᠲᠥᠯᠥᠭᠡ᠂ ᠬᠥᠬᠡᠬᠣᠲᠠ《ᠭᠤᠷᠪᠠᠨ ᠠᠯᠪᠠᠨ ᠲᠠᠯ᠎ᠠ ᠵᠢᠨ ᠠᠭᠤᠰᠤᠯᠴᠠᠯ》᠎ᠤᠨ ᠳᠠᠬᠤᠯ ᠡᠪᠡᠳᠴᠢᠨ᠎ᠤ ᠰᠤᠳᠤᠯᠤᠯ᠎ᠤᠨ ᠪᠠᠢᠴᠠᠭᠠᠯᠲᠠ᠎ᠶ᠋ᠢᠨ ᠡᠬᠢ ᠡᠭᠦᠰᠦᠯ᠎ᠢ ᠡᠷᠢᠬᠦ᠌ ᠠᠵᠢᠯ᠎ᠤᠨ ᠲᠤᠰᠭᠠᠶ ᠠᠩᠭᠢ᠎ᠶ᠋ᠢ ᠪᠠᠢᠭᠤᠯᠤᠨ ᠲᠥᠪᠯᠡᠷᠡᠭᠦᠯᠦᠨ ᠠᠵᠢᠯᠯᠠᠭᠤᠯᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ᠎ᠶ᠋ᠢ ᠨᠢᠭᠡ ᠴᠣᠭ᠍ᠴᠠᠵᠢᠭᠤᠯᠤᠨ ᠵᠣᠬᠢᠴᠠᠭᠤᠯᠵᠤ ᠬᠠᠮᠲᠤᠷᠠᠨ ᠬᠥᠳᠡᠯᠦᠯᠴᠡᠵᠦ᠂ 20 ᠮᠢᠨᠦ᠋ᠲ᠎ᠲᠦ ᠭᠤᠤᠯ ᠪᠤᠯᠬᠤ ᠮᠡᠳᠡᠭᠡ ᠵᠠᠩᠭᠢ᠎ᠶ᠋ᠢ ᠮᠡᠳᠡᠭᠦᠯᠬᠦ᠌᠂ 4 ᠴᠠᠭ ᠲᠦ᠍ ᠭᠤᠤᠯᠳᠠᠯᠭ᠎ᠠ ᠳᠠᠢ ᠮᠡᠳᠡᠭᠡ ᠵᠠᠩᠭᠢ᠎ᠶ᠋ᠢ ᠮᠡᠳᠡᠭᠦᠯᠬᠦ᠌᠂ ᠦᠨᠳᠦᠰᠦᠨ ᠪᠠᠢᠳᠠᠯ᠎ᠢ 24 ᠴᠠᠭ᠎ᠤᠨ ᠳᠣᠲᠣᠷ᠎ᠠ ᠪᠠᠢᠴᠠᠭᠠᠨ ᠳᠣᠲᠣᠯᠠᠬᠤ᠎ᠶ᠋ᠢᠨ ᠬᠠᠮᠲᠤ ᠳᠠᠬᠤᠯ ᠡᠪᠡᠳᠴᠢᠨ᠎ᠤ ᠰᠤᠳᠤᠯᠤᠯ᠎ᠤᠨ ᠪᠠᠢᠴᠠᠭᠠᠯᠲᠠ᠎ᠶ᠋ᠢᠨ ᠮᠡᠳᠡᠭᠦᠯᠦᠯᠲᠡ᠎ᠶ᠋ᠢ ᠪᠡᠶᠡᠯᠡᠭᠦᠯᠬᠦ᠌ ᠱᠠᠭᠠᠷᠳᠠᠯᠭ᠎ᠠ ᠶᠣᠰᠣᠭᠠᠷ᠂ ᠳᠣᠲᠣᠭᠠᠳᠤ᠎ᠶ᠋ᠢ ᠬᠠᠮᠠᠭᠠᠯᠠᠬᠤ ᠳᠤᠪᠴᠢᠶ᠎ᠠ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠳᠤᠪᠴᠢᠶᠠᠣᠨᠣᠪᠴᠢᠲᠠᠶ ᠠᠵᠢᠯᠯᠠᠭᠠᠨ᠎ᠤ ᠵᠠᠮ ᠮᠥᠷ ᠪᠠ ᠴᠠᠭ ᠬᠤᠭᠤᠴᠠᠭ᠎ᠠ ᠣᠷᠣᠨ ᠵᠠᠶ᠎ᠶ᠋ᠢᠨ ᠳᠠᠭᠠᠯᠲᠠ ᠬᠠᠷᠢᠴᠠᠭ᠎ᠠ᠎ᠶ᠋ᠢ ᠬᠠᠩᠭᠠᠵᠤ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷᠡᠬᠢ ᠡᠭᠦᠰᠦᠯ᠎ᠢ᠎ᠨᠢ ᠲᠦᠷᠭᠡᠨᠤᠬᠤᠴᠢᠯᠠᠨ ᠮᠥᠷᠳᠡᠵᠦ᠍᠂ ᠨᠢᠭ᠍ᠲᠠ ᠤᠢᠷᠠᠳᠤᠭᠴᠢ᠂ ᠳᠠᠮ ᠤᠢᠷᠠᠳᠤᠭᠴᠢᠶ᠋ᠢ ᠮᠠᠭᠠᠳᠯᠠᠨ ᠲᠣᠭ᠍ᠲᠠᠭᠠᠵᠤ᠂ ᠵᠣᠬᠢᠴᠠᠯᠳᠤᠭᠰᠠᠨ ᠲᠤᠰᠠᠭᠠᠷᠯᠠᠨ ᠬᠠᠮᠢᠶᠠᠷᠤᠨ ᠡᠵᠡᠮᠳᠡᠭᠦ ᠠᠷᠭ᠎ᠠ ᠠᠪᠴᠠᠯ ᠠᠪᠬᠤ ᠵᠢ ᠪᠡᠶᠡᠯᠡᠭᠦᠯᠦᠭᠰᠡᠨ ᠪᠠᠢᠨ᠎ᠠ᠃ ᠣᠳᠣᠬᠠᠨ᠎ᠳᠤ ᠵᠠᠭᠤᠴᠢᠯᠠᠭᠤᠷ᠎ᠢᠶᠠᠷ ᠳᠠᠮᠵᠢᠭᠤᠯᠤᠨ ᠨᠡᠢᠭᠡᠮ ᠨᠡᠢᠲᠡ᠎ᠳᠦ ᠳᠤᠳᠤᠯᠠᠭᠰᠠᠨ 100 ᠡᠪᠡᠳᠴᠢᠨ᠎ᠤ ᠵᠢᠱ᠌ᠢᠶ᠎ᠡ᠎ᠵᠢᠨ ᠠᠵᠢᠯᠯᠠᠭ᠎ᠠ᠎ᠶ᠋ᠢᠨ ᠵᠠᠮ ᠮᠥᠷ᠎ᠢ ᠨᠢᠭᠡᠨᠲᠡ ᠨᠡᠢᠲᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃