2022-02-24 17:45:43
2ᠰᠠᠷ᠎ᠠ᠎ᠶ᠋ᠢᠨ23᠎ᠤ ᠡᠳᠦᠷ ᠶᠠᠪᠤᠭ᠍ᠳᠠᠭ᠍ᠰᠠᠨ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠨᠢ ᠬᠣᠲᠠ᠎ᠶ᠋ᠢᠨ ᠠᠷᠠᠳ᠎ᠤᠨ ᠠᠩᠬᠠᠷᠴᠤ᠌ ᠪᠠᠢᠭ᠎ᠠ ᠬᠢᠵᠢᠭ᠎ᠦᠨ ᠬᠤᠭᠤᠴᠠᠭᠠᠨ᠎ᠳᠤ ᠡᠮ ᠬᠤᠳᠠᠯᠳᠤᠨ ᠠᠪᠬᠤ ᠠᠰᠠᠭᠤᠳᠠᠯ᠎ᠤᠨ ᠲᠤᠬᠠᠶ ᠬᠠᠷᠢᠭᠤᠯᠲᠠ ᠥᠭ᠌ᠪᠡ᠃
2 ᠰᠠᠷ᠎ᠠ᠎ᠶ᠋ᠢᠨ 15᠎ᠤ ᠡᠳᠦᠷ᠂ ᠬᠥᠬᠡᠬᠣᠲᠠ᠎ᠳᠤ ᠲᠤᠬᠠᠶ᠎ᠶ᠋ᠢᠨ ᠭᠠᠵᠠᠷ᠎ᠤᠨ ᠬᠢᠵᠢᠭ᠎ᠦᠨ ᠪᠠᠢᠳᠠᠯ ᠢᠯᠡᠷᠡᠪᠡ᠂ ᠪᠦᠲᠦᠮᠵᠢᠲᠡᠶ ᠬᠠᠮᠢᠶᠠᠷᠤᠨᠡᠵᠡᠮᠳᠡᠬᠦ᠌ᠶ᠋ᠢᠨᠲᠥᠯᠥᠭᠡ᠂ 16᠎ᠤ ᠡᠳᠦᠷ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ 8 ᠳ᠋ᠤᠭᠠᠷ ᠲᠣᠭᠠᠲᠤ ᠠᠯᠪᠠᠨ ᠵᠠᠷᠯᠠᠯ ᠨᠡᠢᠲᠡᠯᠡᠵᠦ᠍᠂ ᠡᠯ᠎ᠡ ᠲᠥᠷᠥᠯ᠎ᠦᠨ ᠡᠮ᠎ᠦᠨ ᠳᠡᠯᠭᠡᠭᠦᠷ᠎ᠦᠨ 《ᠬᠠᠯᠠᠭᠤᠨ᠎ᠢ ᠪᠠᠭᠤᠷᠠᠭᠤᠯᠬᠤ᠂ ᠬᠠᠨᠢᠶᠠᠳᠤ᠎ᠶ᠋ᠢ ᠵᠣᠭ᠍ᠰᠣᠭᠠᠬᠤ᠂ ᠸᠢᠷᠦ᠋ᠰ᠎ᠢ ᠳᠠᠷᠤᠬᠤ᠂ ᠪᠠᠺᠲ᠋ᠧᠷᠢ ᠳᠠᠷᠤᠬᠤ ᠡᠳ᠋》 ᠵᠡᠷᠭᠡ ᠳᠥᠷᠪᠡᠨ ᠲᠥᠷᠥᠯ ᠦᠨ ᠡᠮ᠎ᠦᠨ ᠵᠦᠶ᠋ᠯ ᠢ ᠪᠣᠷᠣᠯᠠᠭᠤᠯᠬᠤ᠎ᠶ᠋ᠢ ᠲᠦᠷ ᠵᠣᠭ᠍ᠰᠣᠭᠠᠬᠤ ᠪᠠᠷ ᠲᠣᠳᠣᠷᠬᠠᠶ ᠲᠣᠭ᠍ᠲᠠᠭᠠᠪᠠ᠃ ᠡᠢᠮᠦ᠍᠎ᠡᠴᠡ ᠬᠣᠲᠠ᠎ᠶ᠋ᠢᠨ ᠠᠷᠠᠳ ᠬᠠᠯᠠᠭᠤᠷᠠᠬᠤ᠂ ᠬᠠᠨᠢᠶᠠᠬᠤ ᠵᠡᠷᠭᠡ ᠢᠯᠡᠷᠡᠯ ᠲᠡᠶ ᠪᠣᠯ ᠴᠠᠭ ᠲᠤᠬᠠᠶ ᠳᠤᠨᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍ ᠡᠮᠨᠡᠭᠦᠯᠬᠦ᠌ ᠬᠡᠷᠡᠭ᠌ᠲᠡᠶ᠃

ᠡᠨᠡ 4 ᠲᠥᠷᠥᠯ᠎ᠦᠨ ᠡᠮ᠎ᠦᠨ ᠵᠦᠶ᠋ᠯ᠎ᠡᠴᠡ ᠭᠠᠳᠠᠨ᠎ᠠ᠂ ᠬᠣᠲᠠ᠎ᠶ᠋ᠢᠨ ᠠᠷᠠᠳ ᠡᠮ ᠬᠤᠳᠠᠯᠳᠤᠨ ᠠᠪᠬᠤ᠎ᠳᠤ ᠶᠠᠮᠠᠷ ᠶᠠᠮᠠᠷ ᠠᠰᠠᠭᠤᠳᠠᠯ᠎ᠢ ᠠᠩᠬᠠᠷᠬᠤ ᠴᠢᠬᠤᠯᠠᠲᠠᠶ ᠪᠣᠶ? ᠡᠩ ᠲᠡᠷᠢᠭᠦᠨ᠎ᠳᠦ᠂ ᠪᠥᠬᠥ᠌ ᠶᠠᠪᠤᠴᠠ᠎ᠳᠤ ᠠᠮᠠᠪᠴᠢ ᠵᠡᠭᠦᠵᠦ᠍᠂ ᠡᠮ᠎ᠤᠨ ᠳᠡᠯᠭᠡᠭᠦᠷ᠎ᠤᠨ ᠠᠵᠢᠯᠲᠠᠳ᠎ᠲᠠᠶ ᠬᠠᠮᠵᠢᠯᠴᠠᠨ ᠪᠡᠶ᠎ᠡ᠎ᠶ᠋ᠢᠨ ᠲᠤᠯᠠᠭᠠᠨ ᠪᠡᠨ ᠬᠡᠮᠵᠢᠬᠦ᠌ ᠪᠠ ᠬᠥᠬᠡᠬᠣᠲᠠ᠎ᠶ᠋ᠢᠨ ᠡᠮ ᠡᠮᠨᠡᠯᠭᠡ ᠡᠷᠡᠭᠦᠯ ᠮᠡᠨᠳᠦ᠍᠎ᠶ᠋ᠢᠨ ᠺᠣᠳ᠋᠎ᠢ ᠭᠠᠷᠭᠠᠨ ᠦᠵᠡᠭᠦᠯᠵᠦ᠍᠂ ᠨᠢᠭᠡ ᠮᠧᠲ᠋ᠷ᠎ᠦᠨ ᠵᠠᠢ ᠠᠯᠤᠰᠯᠠᠬᠤ᠎ᠶ᠋ᠢ ᠠᠩᠬᠠᠷᠬᠤ ᠬᠡᠷᠡᠭ᠌ᠲᠡᠶ᠃ ᠳᠠᠷᠠᠭᠠᠯᠠᠪᠠᠯ᠂ ᠲᠣᠳᠣᠷᠬᠠᠢᠯᠠᠯᠲᠠ᠎ᠶ᠋ᠢᠨ ᠪᠢᠴᠢᠭ ᠢ ᠨᠠᠷᠢᠨ ᠬᠢᠨᠠᠮᠠᠭᠠᠢ ᠤᠩᠱᠢᠵᠤ᠂ ᠣᠨᠴᠠᠭᠠᠢᠯᠠᠨ ᠡᠮ᠎ᠦᠨ ᠵᠦᠢᠯ᠎ᠦᠨ ᠬᠦᠴᠦᠨ ᠲᠡᠶ ᠬᠤᠭᠤᠴᠠᠭᠠᠨ᠎ᠳᠤ ᠪᠠᠢᠬᠤ ᠡᠰᠡᠬᠦ᠌᠎ᠶ᠋ᠢ ᠠᠩᠬᠠᠷᠬᠤ᠎ᠶ᠋ᠢᠨ ᠬᠠᠮᠲᠤ ᠡᠮ᠎ᠦᠨ ᠵᠦᠢᠯ᠎ᠢ ᠵᠥᠪᠱᠢᠶᠡᠷᠡᠭ᠌ᠰᠡᠨ ᠪᠢᠴᠢᠭ᠎ᠦᠨ ᠳ᠋ᠤᠭᠠᠷᠯᠠᠯᠢ ᠪᠠᠢᠴᠠᠭᠠᠨ ᠦᠵᠡᠵᠦ᠍᠂ ᠤᠯᠤᠰ᠎ᠤᠨ ᠡᠮ᠎ᠦᠨ ᠪᠠᠷᠢᠮᠵᠢᠶ᠎ᠠ ᠦᠰᠦᠭ ᠮᠥᠨ ᠡᠰᠡᠬᠦ᠌᠎ᠶ᠋ᠢ ᠦᠵᠡᠬᠦ᠌ ᠬᠡᠷᠡᠭ᠌ᠲᠡᠢ᠃ ᠭᠤᠷᠪᠠ᠎ᠳᠦ᠂ ᠡᠷᠬᠡᠪᠰᠢ ᠡᠮᠴᠢ᠎ᠶ᠋ᠢᠨ ᠪᠢᠴᠢᠵᠦ᠍ ᠥᠭ᠌ᠭᠦᠭ᠌ᠰᠡᠨ ᠵᠣᠷ᠎ᠢᠶᠠᠷ ᠡᠮ ᠬᠤᠳᠠᠯᠳᠤᠨ ᠠᠪᠬᠤ ᠶ᠋ᠢᠨ ᠬᠠᠮᠲᠤ ᠪᠠᠰᠠ ᠡᠮ ᠬᠤᠳᠠᠯᠳᠤᠨ ᠠᠪᠤᠭ᠍ᠰᠠᠨ ᠭᠡᠷᠡᠴᠢ ᠪᠠᠷᠢᠮᠲᠠ ᠶ᠋ᠢ ᠰᠠᠢᠲᠤᠷ ᠬᠠᠳᠠᠭᠠᠯᠠᠬᠤ ᠬᠡᠷᠡᠭ᠌ᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃