ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-24 18:00:45

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ(ᠠᠷᠪᠠᠳᠤᠭᠠᠷ ᠲᠠᠯᠠᠪᠤᠷ)ᠳᠡᠭᠡᠷ᠎ᠡ ᠵᠠᠷᠯᠠᠭᠰᠠᠨ᠎ᠢᠶᠡᠷ᠂ ᠪᠥᠭᠡᠮ ᠬᠦᠴᠢᠯ᠎ᠦᠨ ᠪᠠᠢᠴᠠᠭᠠᠯᠲᠠ ᠵᠢᠨ ᠱᠢᠭ᠌ᠰᠢᠨ ᠪᠠᠢᠴᠠᠭᠠᠯᠲᠠ᠎ᠶ᠋ᠢᠨ ᠪᠠᠢᠳᠠᠯ᠎ᠠᠴᠠ ᠦᠵᠡᠪᠡᠯ᠂ ᠣᠢᠷ᠎ᠠ᠎ᠶ᠋ᠢᠨ ᠬᠡᠳᠦᠨ ᠡᠭᠡᠯᠵᠢ᠎ᠳᠦ ᠴᠥᠮ ᠨᠡᠢᠭᠡᠮ ᠳᠡᠭᠡᠷ᠎ᠡ᠎ᠳᠠᠷᠬᠠᠵᠦ᠎ᠳᠡᠯᠭᠡᠷᠡᠵᠦ᠍᠎ᠪᠠᠢᠭ᠎ᠠ᠎ᠡᠪᠡᠳᠴᠢᠨ᠎ᠤ᠎ᠵᠢᠱ᠌ᠢᠶ᠎ᠡ ᠪᠠᠢᠨ᠎ᠠ᠂ ᠡᠨᠡ ᠨᠢ ᠨᠡᠢᠭᠡᠮ ᠳᠡᠭᠡᠷ᠎ᠡ ᠪᠠᠰᠠ ᠬᠠᠯᠳᠠᠪᠤᠷᠢᠯᠠᠭ᠍ᠳᠠᠭᠰᠠᠨ ᠡᠪᠡᠳᠴᠢᠲᠡᠨ ᠪᠠᠢᠬᠤ᠎ᠶ᠋ᠢ ᠬᠠᠷᠠᠭᠤᠯᠵᠤ ᠪᠠᠢᠨ᠎ᠠ᠃ ᠡᠢᠮᠦ᠍᠎ᠡᠴᠡ ᠨᠢᠭᠡ ᠲᠠᠯ᠎ᠠ᠎ᠪᠠᠷ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠦᠷᠭᠦᠯᠵᠢᠯᠡᠨ ᠥᠷᠨᠢᠭᠦᠯᠵᠦ᠍᠂ ᠲᠠᠷᠠᠬᠠᠢ ᠡᠪᠡᠳᠴᠢᠨ᠎ᠦ ᠵᠢᠱ᠌ᠢᠶ᠎ᠡ᠎ᠶ᠋ᠢ ᠪᠦᠬᠦᠨ᠎ᠢ ᠲᠥᠪᠯᠡᠷᠡᠭᠦᠯᠦᠨ ᠬᠠᠮᠢᠶᠠᠷᠤᠨ ᠡᠵᠡᠮᠳᠡᠬᠦ᠌ ᠬᠡᠷᠡᠭ᠌ᠲᠡᠶ᠃ ᠨᠥᠭᠥᠭᠡ ᠲᠠᠯ᠎ᠠ᠎ᠪᠠᠷ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠤᠨ ᠵᠢᠯᠣᠭᠣᠳᠭᠤ ᠭᠠᠵᠠᠷ ᠡᠴᠡ ᠪᠥᠬᠥ᠌ ᠬᠣᠲᠠ᠎ᠶ᠋ᠢᠨ ᠡᠯ᠎ᠡ ᠪᠠᠢᠭᠤᠯᠭ᠎ᠠ᠂ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ ᠪᠣᠯᠤᠨ ᠪᠥᠬᠥ᠌ ᠬᠣᠲᠠ᠎ᠶ᠋ᠢᠨ ᠠᠷᠠᠳ᠎ᠢ ᠠᠯᠢ ᠴᠢᠳᠠᠬᠤ᠎ᠪᠠᠷ ᠬᠡᠷ᠎ᠲᠡᠬᠡᠨ ᠠᠯᠪᠠᠯᠠᠬᠤ᠂ ᠰᠦᠯᠵᠢᠶᠡᠨ ᠳᠡᠭᠡᠷ᠎ᠡ ᠠᠯᠪᠠᠯᠠᠬᠤ᠎ᠶ᠋ᠢ ᠰᠣᠩᠭᠣᠨ᠂ ᠨᠠᠭᠠᠰᠢ ᠴᠠᠭᠠᠰᠢ ᠶᠠᠪᠤᠵᠤ ᠰᠠᠭᠤᠬᠤ ᠪᠠᠨ ᠪᠠᠭᠠᠰᠭᠠᠵᠤ᠂ ᠴᠢᠬᠤᠯᠠ ᠪᠤᠰᠤ ᠦᠶ᠎ᠡ᠎ᠳᠦ ᠭᠠᠳᠠᠭ᠍ᠰᠢ ᠭᠠᠷᠬᠤ ᠥᠬᠡᠶ ᠪᠠᠢᠬᠤ᠎ᠶ᠋ᠢ ᠰᠠᠨᠠᠭᠠᠴᠢᠯᠠᠪᠠ᠃ ᠡᠭᠦᠨ᠎ᠦ ᠬᠠᠮᠲᠤ ᠡᠯ᠎ᠡ ᠰᠠᠭᠤᠭᠠᠯᠢ ᠠᠷᠠᠳ᠎ᠤᠨ ᠲᠣᠭᠣᠷᠢᠭ᠎ᠨᠢ ᠣᠷᠣᠵᠤ ᠭᠠᠷᠬᠤ ᠬᠠᠮᠢᠶᠠᠷᠤᠯᠲᠠ ᠵᠢ ᠴᠢᠩᠭᠠᠳᠭᠠᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠶ᠃ ᠭᠡᠪᠡᠴᠦ᠍ ᠪᠢᠳᠡᠨ᠎ᠦ ᠬᠡᠯᠡᠵᠦ᠍ ᠪᠠᠢᠭ᠎ᠠ ᠬᠠᠮᠢᠶᠠᠷᠤᠯᠲᠠ᠎ᠶ᠋ᠢ ᠴᠢᠩᠭᠠᠳᠭᠠᠬᠤ ᠭᠡᠳᠡᠭ ᠨᠢ ᠬᠣᠲᠠ᠎ᠶ᠋ᠢ ᠪᠢᠲᠡᠭᠦᠮᠵᠢᠯᠡᠬᠦ᠌ ᠶᠠᠪᠤᠳᠠᠯ ᠤᠭᠳᠤ ᠪᠢᠰᠢ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠡᠮᠨᠡᠯᠭᠡ᠎ᠶ᠋ᠢᠨ ᠬᠣᠷᠢᠶ᠎ᠠ᠂ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠂ ᠬᠤᠳᠠᠯᠳᠤᠭᠠᠨ᠎ᠤ ᠭᠠᠵᠠᠷ ᠬᠡᠲᠦ ᠳᠡᠯᠭᠡᠭᠦᠷ ᠵᠡᠷᠭᠡ ᠬᠣᠲᠠ᠎ᠶ᠋ᠢᠨ ᠠᠵᠢᠯᠯᠠᠭᠠᠨ᠎ᠢ ᠪᠠᠲᠤᠯᠠᠬᠤ ᠪᠠ ᠦᠨᠳᠦᠰᠦᠨ ᠠᠮᠢᠳᠤᠷᠠᠯ᠎ᠤᠨ ᠪᠠᠲᠤᠯᠠᠭ᠎ᠠ ᠬᠠᠩᠭᠠᠬᠤ ᠰᠠᠯᠠᠭ᠎ᠠ ᠮᠥᠴᠢᠷ ᠪᠣᠯᠤᠨ ᠠᠵᠢᠯ ᠲᠥᠷᠥᠯ᠎ᠦᠨ ᠬᠡᠪ᠎ᠦᠨ ᠠᠵᠢᠯ᠎ᠢ ᠪᠠᠳᠤᠯᠠᠵᠤ᠂ ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠢ ᠨᠥᠯᠥᠭᠡᠯᠡᠬᠦ᠌ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠶᠠᠪᠤᠳᠠᠯ ᠪᠣᠯᠤᠨ᠎ᠠ᠃ ᠣᠨᠴᠠᠭᠠᠶ ᠪᠠᠢᠳᠠᠯ᠎ᠲᠠᠶ ᠰᠠᠭᠤᠭᠠᠯᠢ ᠠᠷᠠᠳ᠂ ᠵᠢᠱ᠌ᠢᠶᠡᠯᠡᠪᠡᠯ ᠡᠪᠡᠳᠴᠢᠯᠡᠵᠤ ᠡᠮᠨᠡᠭᠦᠯᠬᠦ᠌᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠣᠷᠣᠯᠴᠠᠬᠤ ᠵᠡᠷᠭᠡ ᠪᠠᠢᠳᠠᠯ᠎ᠳᠤ ᠰᠠᠭᠤᠭᠠᠯᠢ ᠠᠷᠠᠳ᠎ᠤᠨ ᠲᠣᠭᠣᠷᠢᠭ᠎ᠢᠶᠠᠷ ᠣᠷᠣᠵᠤ ᠭᠠᠷᠴᠤ᠌ ᠪᠣᠯᠤᠨ᠎ᠠ᠂ ᠭᠡᠪᠡᠴᠦ᠍ ᠪᠠᠰᠠ ᠬᠣᠶᠠᠷ ᠴᠡᠭ ᠨᠢᠭᠡ ᠱᠤᠭᠤᠮ᠎ᠢ ᠪᠠᠷᠢᠮᠲᠠᠯᠠᠵᠤ᠂ ᠬᠥᠮᠦᠨ ᠬᠠᠷ᠎ᠠ᠎ᠲᠠᠶ ᠣᠢᠷᠠᠳᠤᠬᠤ᠎ᠶ᠋ᠢ ᠠᠯᠢ ᠴᠢᠳᠠᠬᠤ᠎ᠪᠠᠷ ᠪᠠᠭᠠᠰᠭᠠᠬᠤ ᠬᠡᠷᠡᠭ᠌ᠲᠡᠶ ᠬᠡᠵᠤ ᠢᠯᠡᠷᠬᠡᠢᠯᠡᠪᠡ᠃

ᠢᠷᠡᠯᠳᠡ᠄ ᠳᠠᠯ᠎ᠠ ᠨᠤᠳᠤᠭ ᠰᠢᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面