ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-25 10:29:31

ᠵᠣᠬᠢᠶᠠᠭ᠍ᠴᠢ᠄ ​ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 2 ᠰᠠᠷ᠎ᠠ᠎ᠶ᠋ᠢᠨ 24᠎ᠤ᠋ ᠡᠳᠦᠷ ᠶᠠᠪᠤᠭ᠍ᠳᠠᠭ᠍ᠰᠠᠨ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠤᠢ᠍ᠢᠯᠠᠭᠠᠭ᠍ᠰᠠᠠ᠎ᠵᠢᠡᠷ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠡᠴᠡ ᠪᠤᠯᠵᠦ᠍᠂ ᠬᠥᠬᠡᠬᠣᠲᠠ᠎ᠶ᠋ᠢᠨ ᠬᠢᠨ ᠰᠠᠭᠤᠭᠠᠯᠢ ᠠᠷᠠᠳ᠎ᠤᠨ ᠡᠳᠦᠷ ᠲᠤᠳᠤᠮ᠎ᠤᠨ ᠠᠮᠢᠳᠤᠷᠠᠯ ᠨᠥᠯᠥᠭᠡᠯᠡᠭᠳᠡᠬᠦ ᠦᠭᠡᠢ ᠪᠠᠢᠬᠤ᠎ᠶ᠋ᠢ ᠪᠠᠲᠤᠯᠠᠭ᠍ᠰᠠᠨ ᠪᠠᠢᠳᠠᠯ ᠳᠣᠣᠷ᠎ᠠ ᠬᠠᠮᠢᠶᠠᠷᠤᠯᠲᠠ᠎ᠪᠠᠨ ᠴᠢᠩᠭᠠᠳᠭᠠᠵᠤ᠂ ᠨᠡᠢᠭᠡᠮ ᠳᠡᠭᠡᠷᠡᠬᠢ ᠲᠠᠷᠬᠠᠠᠢ ᠪᠤᠳᠠᠷᠬᠠᠢ ᠡᠪᠡᠳᠴᠢᠨ᠎ᠦ ᠵᠢᠱ᠌ᠢᠢ᠎ᠡ᠎ᠶ᠋ᠢ ᠪᠠᠢᠴᠠᠭᠠᠨ ᠲᠤᠳᠤᠷᠬᠠᠢᠯᠠᠬᠤ᠎ᠶ᠋ᠢ ᠡᠷᠲᠡᠬᠡᠨ ᠪᠡᠶᠡᠯᠡᠭᠦᠯᠤᠨ᠎ᠠ᠃

ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ᠂ ᠪᠥᠭᠡᠮ ᠬᠦᠴᠢᠯ᠎ᠦᠨ ᠪᠠᠢᠴᠠᠭᠠᠯᠳᠠ᠎ᠵᠢᠨ ᠰᠢᠭᠰᠢᠨ ᠪᠠᠢᠴᠠᠭᠠᠯᠳᠠ᠎ᠵᠢᠨ ᠪᠠᠢᠳᠠᠯ᠎ᠠᠴᠠ ᠦᠵᠡᠪᠡᠯ᠂ ᠬᠥᠬᠡᠬᠣᠲᠠ᠎ᠶ᠋ᠢᠨ ᠣᠢᠷ᠎ᠠ᠎ᠶ᠋ᠢᠨ ᠬᠡᠳᠦᠨ ᠡᠭᠡᠯᠵᠢ᠎ᠳᠦ ᠴᠥᠮ ᠨᠡᠢᠭᠡᠮ ᠳᠡᠭᠡᠷᠡᠬᠢ ᠲᠠᠷᠠᠬᠠᠢ ᠪᠤᠳᠠᠷᠬᠠᠢ ᠡᠪᠡᠳᠴᠢᠨ᠎ᠦ ᠵᠢᠱ᠌ᠢᠶ᠎ᠡ ᠢᠯᠡᠷᠡᠭᠰᠡᠨ ᠪᠠᠢᠨ᠎ᠠ᠃ ᠡᠭᠦᠨ᠎ᠳᠦ᠂ ᠬᠥᠬᠡᠬᠣᠲᠠ᠎ᠵᠢᠨ ᠬᠢᠨ ᠨᠢᠭᠡ ᠲᠠᠯ᠎ᠠ᠎ᠪᠠᠷ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠦᠷᠭᠦᠯᠵᠢᠯᠡᠨ ᠥᠷᠨᠢᠭᠦᠯᠵᠦ᠍᠂ ᠲᠠᠷᠠᠬᠠᠢ ᠪᠤᠳᠠᠷᠬᠠᠢ ᠡᠪᠡᠳᠴᠢᠨ᠎ᠦ ᠵᠢᠱ᠌ᠢᠶ᠎ᠡ᠎ᠶ᠋ᠢ ᠪᠦᠬᠦᠨ᠎ᠢ ᠡᠷᠢᠨ ᠣᠯᠵᠤ᠂ ᠲᠥᠪᠯᠡᠷᠡᠭᠦᠯᠦᠨ ᠬᠠᠮᠢᠶᠠᠷᠤᠨ ᠡᠵᠡᠮᠳᠡᠬᠦ᠌᠎ᠪᠡᠷ ᠴᠢᠷᠮᠠᠢᠵᠤ ᠪᠤᠢ᠃ ᠡᠬᠦᠨ ᠡᠴᠡ ᠭᠠᠳᠠᠨ᠎ᠠ ᠬᠦᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠣᠭᠣᠳᠭᠤ ᠭᠠᠵᠠᠷ᠎ᠠᠴᠠ ᠪᠥᠬᠥ᠌ ᠬᠣᠲᠠ᠎ᠶ᠋ᠢᠨ ᠡᠯ᠎ᠡ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ ᠪᠤᠯᠤᠨ ᠪᠥᠬᠥ᠌ ᠬᠣᠲᠠ᠎ᠶ᠋ᠢᠨ ᠠᠷᠠᠳ᠎ᠢ ᠠᠯᠢ ᠴᠢᠳᠠᠬᠤ᠎ᠪᠠᠷ ᠬᠡᠷ᠎ᠲᠡᠬᠡᠨ ᠠᠯᠪᠠᠯᠠᠬᠤ᠂ ᠰᠦᠯᠵᠢᠶᠡᠨ ᠳᠡᠭᠡᠷ᠎ᠡ ᠠᠯᠪᠠᠯᠠᠬᠤ᠎ᠵᠢ ᠰᠤᠡᠭᠭᠤᠨ᠂ ᠨᠠᠭᠠᠰᠢ ᠴᠠᠭᠠᠰᠢ ᠶᠠᠪᠤᠵᠦ ᠰᠠᠭᠤᠬᠤ᠎ᠪᠡᠨ ᠪᠠᠭᠠᠰᠭᠠᠵᠤ᠂ ᠴᠢᠬᠤᠯᠠ ᠱᠠᠭᠠᠷᠳᠠᠯᠭ᠎ᠠ ᠦᠭᠡᠢ ᠪᠣᠯ ᠭᠠᠳᠠᠭ᠍ᠰᠢ ᠭᠠᠷᠬᠤ ᠥᠬᠡᠶ ᠪᠠᠢᠬᠤ᠎ᠶ᠋ᠢ ᠰᠠᠨᠠᠭᠠᠴᠢᠯᠠᠪᠠ᠋; ᠡᠯ᠎ᠡ ᠰᠠᠭᠤᠭᠠᠯᠢ ᠲᠣᠭᠣᠷᠢᠭ᠎ᠤᠨ ᠬᠢᠨ ᠣᠷᠣᠵᠤ ᠭᠠᠷᠬᠤ ᠬᠠᠮᠢᠶᠠᠷᠤᠯᠲᠠ᠎ᠪᠠᠨ ᠴᠢᠩᠭᠠᠳᠭᠠᠵᠤ᠂ ᠰᠠᠭᠤᠭᠠᠯᠢ ᠲᠣᠭᠣᠷᠢᠭ᠎ᠤᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠬᠦ ᠭᠡᠷᠡᠭᠳᠠᠢ᠃ ᠡᠭᠦᠨ᠎ᠤ ᠬᠠᠮᠳᠤ᠂ ᠬᠦᠬᠡᠬᠤᠳᠠ᠎ᠵᠢᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠡᠮᠨᠡᠯᠭᠡ᠎ᠶ᠋ᠢᠨ ᠬᠣᠷᠢᠶ᠎ᠠ᠂ ᠣᠷᠴᠢᠨ ᠲᠣᠭᠣᠷᠢᠨ᠎ᠤ ᠠᠷᠢᠭᠤᠨ ᠴᠡᠪᠡᠷ᠂ ᠬᠤᠳᠠᠯᠳᠤᠭᠠᠨ᠎ᠤ ᠲᠠᠯᠠᠪᠤᠷ᠂ ᠬᠠᠮ ᠳᠡᠯᠭᠡᠭᠦᠷ ᠵᠡᠷᠭᠡ ᠬᠣᠲᠠ᠎ᠶ᠋ᠢᠨ ᠠᠵᠢᠯᠯᠠᠭᠠᠨ᠎ᠢ ᠪᠠᠲᠤᠯᠠᠬᠤ ᠪᠠ ᠦᠨᠳᠦᠰᠦᠨ ᠠᠮᠢᠳᠤᠷᠠᠯ᠎ᠤᠨ ᠪᠠᠲᠤᠯᠠᠭ᠎ᠠ ᠬᠠᠩᠭᠠᠬᠤ ᠰᠠᠯᠠᠭ᠎ᠠ ᠮᠥᠴᠢᠷ ᠪᠣᠯᠤᠨ ᠠᠵᠢᠯ ᠲᠥᠷᠥᠯ᠎ᠤᠨ ᠬᠢᠨ ᠬᠡᠪ᠎ᠦᠨ ᠶᠤᠰᠤᠭᠠᠷ ᠠᠵᠢᠯᠯᠠᠵᠦ᠂ ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠢ ᠨᠥᠯᠥᠭᠡᠯᠡᠬᠦ᠌ ᠦᠭᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠤᠯᠠᠨ ᠲᠦᠮᠡᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ ᠳᠠᠮᠵᠢᠨ᠂ ᠨᠡᠢᠭᠡᠮ᠎ᠳᠡᠭᠡᠷᠡᠬᠢ ᠲᠠᠷᠬᠠᠢ ᠪᠤᠳᠠᠷᠬᠠᠢ ᠡᠪᠡᠳᠴᠢᠨ᠎ᠤ ᠵᠢᠱ᠌ᠢᠶ᠎ᠡ᠎ᠵᠢ ᠪᠠᠢᠴᠠᠭᠠᠨ ᠲᠤᠳᠤᠷᠬᠠᠢᠯᠠᠬᠤ᠎ᠵᠢ ᠡᠷᠲᠡᠬᠡᠨ ᠪᠡᠶᠡᠯᠡᠭᠦᠯᠦᠨ᠎ᠡ ᠭᠡᠵᠤ ᠲᠠᠨᠢᠯᠴᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面