ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-24 17:57:30

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠢᠵᠢᠭ᠎ᠤᠨ ᠪᠠᠢᠳᠠᠯ᠎ᠤᠨ ᠬᠤᠭᠤᠴᠠᠭᠠᠨ ᠳ᠋ᠤ᠂ ᠰᠢᠷ᠎ᠠ ᠡᠷᠡᠬᠦᠯ ᠮᠡᠨᠳᠤ ᠵᠢᠨ ᠺᠤᠳ᠋ ᠲᠠᠢ ᠡᠪᠡᠳᠴᠢᠳᠠᠡ ᠬᠡᠷᠬᠢᠨ ᠡᠮᠴᠢᠯᠡᠬᠦᠯᠬᠦ ᠪᠤᠢ?

ᠥᠪᠥᠷ ᠮᠣᠩᠭᠣᠯ ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶᠠᠨ᠎ᠤ ᠳᠠᠷᠤᠭ᠎ᠠ ᠵᠤᠤ ᠬᠠᠢ ᠫᠢᠡᠭ ᠢᠩᠭᠢᠵᠦ᠍ ᠲᠠᠢᠯᠪᠤᠷᠢᠯᠠᠯ᠎ᠠ —

ᠬᠡᠷᠪᠡ ᠪᠢᠳᠡ ᠵᠢᠭᠰᠠᠭᠠᠨ ᠪᠠᠢᠴᠠᠭᠠᠬᠤ ᠶᠠᠪᠤᠴᠠ ᠳ᠋ᠤ ᠡᠪᠡᠳᠴᠢᠳᠡᠨ᠎ᠤ ᠡᠷᠡᠬᠦᠯ ᠮᠡᠨᠳᠤ ᠵᠢᠨ ᠺᠤᠳ᠋ ᠰᠢᠷ᠎ᠠ ᠦᠨᠭᠭᠡᠳᠠᠢ ᠪᠠᠢᠬᠤ ᠵᠢ ᠢᠯᠡᠷᠡᠬᠦᠯᠵᠦ᠂ ᠲᠠᠬᠤᠯ ᠡᠪᠡᠳᠴᠢᠨ᠎ᠦ ᠰᠤᠳᠤᠯᠤᠯ ᠎ᠤᠨ ᠪᠠᠢᠴᠠᠭᠠᠯᠲᠠ᠂ ᠡᠮᠴᠢᠯᠡᠭᠡᠨ᠎ᠦ ᠪᠠᠢᠴᠠᠭᠠᠯᠲᠠ ᠪᠠ ᠪᠥᠭᠡᠮ ᠬᠦᠴᠢᠯ᠎ᠦᠨ ᠪᠠᠢᠴᠠᠭᠠᠯᠲᠠ ᠵᠡᠷᠭᠡ ᠱᠢᠯᠭᠠᠨ ᠪᠠᠢᠴᠠᠭᠠᠯᠲᠠ᠎ᠪᠡᠷ ᠳᠠᠮᠵᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠪᠢᠰᠢ ᠬᠡᠵᠤ ᠨᠤᠳᠠᠯᠠᠭᠰᠠᠨ ᠪᠤᠯ᠂ ᠳᠤᠰ ᠡᠪᠡᠳᠴᠢᠳᠡᠨ᠎ᠢ ᠵᠣᠬᠢᠬᠤ ᠲᠤᠰᠭᠠᠶ ᠰᠠᠯᠠᠭᠠᠨ᠎ᠤ ᠡᠭᠦᠳᠡᠨ ᠡᠮᠨᠡᠯᠭᠡ᠎ᠳᠦ ᠢᠯᠭᠠᠵᠤ ᠶᠠᠪᠤᠭᠤᠯᠤᠨ᠂ ᠲᠠᠷᠠᠭᠠᠴᠢ᠎ᠶ᠋ᠢᠨ ᠠᠯᠬᠤᠮ᠎ᠤᠨ ᠣᠨᠣᠱᠢᠯᠠᠯᠲᠠ ᠪᠠ ᠡᠮᠴᠢᠯᠡᠭᠡ ᠬᠢᠯᠭᠡᠨ᠎ᠡ᠃

ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠠᠪᠤᠴᠠ ᠳᠤᠮᠳᠠ᠂ ᠮᠠᠨ᠎ᠤ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠢᠨᠲ᠋ᠧᠷ ᠰᠦᠯᠵᠢᠶᠡᠨ᠎ᠦ ᠡᠮᠨᠡᠯᠭᠡ᠎ᠶ᠋ᠢᠨ ᠬᠣᠷᠢᠶᠠᠨ᠎ᠤ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃ ᠴᠢᠰᠤᠨ ᠳᠠᠷᠤᠯᠲᠠ ᠥᠨᠳᠥᠷ ᠵᠡᠷᠭᠡ ᠤᠳᠠᠭᠠᠨ ᠴᠢᠨᠠᠷᠲᠠᠶ ᠡᠪᠡᠳᠴᠢᠨ᠎ᠦ ᠬᠠᠮᠢᠶᠠᠷᠤᠯᠲᠠ ᠪᠡᠷ ᠠᠪᠴᠤ ᠬᠡᠯᠡᠪᠡᠯ᠂ ᠤᠤᠯ ᠨᠢ ᠳᠡᠳᠡᠭᠡᠷ ᠡᠪᠡᠳᠴᠢᠳᠠᠨ ᠡᠮᠨᠡᠯᠭᠡ᠎ᠳᠦ ᠣᠴᠢᠵᠤ ᠡᠮ᠎ᠠᠪᠴᠤ᠌ ᠪᠠᠢᠬᠰᠠᠨ ᠪᠤᠯ᠂ ᠣᠲᠣ ᠢᠨᠲ᠋ᠧᠷ ᠰᠦᠯᠵᠢᠶᠡᠨ᠎ᠦ ᠡᠮᠨᠡᠯᠭᠡ᠎ᠶ᠋ᠢᠨ ᠬᠣᠷᠢᠶ᠎ᠠ ᠪᠠᠷ ᠳᠠᠮᠵᠢᠨ ᠱᠢᠶ᠋ᠳᠪᠦᠷᠢᠯᠡᠵᠦ᠍ ᠪᠣᠯᠤᠨ᠎ᠠ᠃ ᠱᠢᠬᠢᠷ ᠱᠢᠵᠢᠩ ᠡᠪᠡᠳᠴᠢᠨ ᠵᠢᠡᠷ ᠠᠪᠴᠤ ᠬᠡᠯᠡᠪᠡᠯ᠂ ᠮᠠᠰᠢ ᠣᠯᠠᠨ ᠲᠤᠰᠭᠠᠶ ᠮᠡᠷᠭᠡᠵᠢᠯᠲᠡᠨ ᠴᠥᠮ ᠰᠦᠯᠵᠢᠶᠡᠨ ᠳᠡᠭᠡᠷ᠎ᠡ ᠪᠠᠢᠨ᠎ᠠ᠂ ᠡᠪᠡᠳᠴᠢᠳᠡᠨ ᠰᠦᠯᠵᠢᠶᠡᠨ ᠳᠡᠭᠡᠷ᠎ᠡ ᠮᠠᠨ᠎ᠤ ᠲᠤᠰᠭᠠᠶ ᠮᠡᠷᠭᠡᠵᠢᠯᠲᠡᠨ᠎ᠲᠡᠶ ᠱᠢᠭᠤᠳ ᠶᠠᠷᠢᠯᠴᠠᠵᠤ ᠵᠥᠪᠯᠡᠯᠭᠡ ᠠᠪᠴᠤ᠌ ᠪᠣᠯᠤᠨ᠎ᠠ᠃ ᠬᠤᠤᠷᠳᠤ ᠬᠠᠪᠤᠳᠠᠷ ᠎ᠤᠨ ᠡᠪᠡᠳᠴᠢᠲᠡᠨ ᠪᠠᠰᠠ ᠡᠮᠨᠡᠯᠭᠡ᠎ᠳᠦ ᠤᠴᠢᠬᠤ ᠬᠡᠷᠡᠭ᠌ ᠦᠭᠡᠢ᠂ ᠰᠦᠯᠵᠢᠶᠡᠨ ᠳᠡᠭᠡᠷ᠎ᠡ᠎ᠡᠴᠡ ᠡᠮᠴᠢ ᠪᠡᠨ ᠡᠷᠢᠵᠤ᠂ ᠡᠮᠴᠢ ᠨᠢ ᠲᠡᠭᠦᠨ᠎ᠳᠦ ᠡᠮᠨᠡᠬᠦ᠌ ᠲᠥᠰᠦᠯ ᠬᠠᠩᠭᠠᠵᠤ ᠪᠣᠯᠤᠨ᠎ᠠ᠃

ᠢᠨᠲ᠋ᠧᠷ ᠰᠦᠯᠵᠢᠶᠡᠨ᠎ᠦ ᠡᠮᠨᠡᠯᠭᠡ᠎ᠶ᠋ᠢᠨ ᠬᠣᠷᠢᠶ᠎ᠠ᠎ᠪᠤᠯ ᠪᠢᠳᠡ ᠬᠢᠵᠢᠭ᠎ᠦᠨ ᠪᠠᠢᠳᠠᠯ ᠳᠤᠤᠷ᠎ᠠ ᠴᠤᠭ᠍ᠯᠠᠷᠠᠬᠤ᠎ᠶ᠋ᠢ ᠰᠠᠨᠠᠭᠠᠴᠢᠯᠠᠬᠤ ᠥᠬᠡᠶ᠂ ᠡᠭᠦᠳᠡᠨ ᠡᠮᠨᠡᠯᠭᠡ᠎ᠶ᠋ᠢᠨ ᠬᠡᠮᠵᠢᠶ᠎ᠡ᠎ᠶ᠋ᠢ ᠪᠠᠭᠠᠰᠭᠠᠬᠤ ᠪᠠᠢᠳᠠᠯ ᠳᠤᠤᠷᠠᠬᠢ ᠬᠠᠮᠤᠭ᠎ᠤᠨ ᠰᠠᠢᠨ ᠭᠠᠷᠳᠠᠴᠠ ᠪᠣᠯᠤᠨ᠎ᠠ᠃ ᠣᠳᠣᠬᠠᠨ᠎ᠳᠤ ᠪᠠᠷᠤᠭ ᠡᠳᠦᠷ ᠪᠦᠷᠢ 400 ᠭᠠᠷᠤᠶ ᠲᠤᠰᠭᠠᠶ ᠮᠡᠷᠭᠡᠵᠢᠯᠲᠡᠨ ᠢᠨᠲ᠋ᠸᠷ ᠰᠦᠯᠵᠢᠶᠡᠨ᠎ᠦ ᠲᠠᠪᠴᠠᠩ ᠳᠡᠭᠡᠷ᠎ᠡ ᠵᠠᠷᠢᠮ ᠤᠳᠠᠭᠠᠨ ᠴᠢᠨᠠᠷᠲᠠᠶ ᠡᠪᠡᠳᠴᠢᠲᠡᠨ ᠪᠠ ᠬᠤᠤᠷᠳᠤ ᠬᠠᠪᠤᠳᠠᠷ᠎ᠤᠨ ᠡᠪᠡᠳᠴᠢᠲᠡᠨ᠎ᠲᠡᠶ ᠶᠠᠷᠢᠯᠴᠠᠵᠤ᠂ ᠲᠠᠷᠠᠭᠠᠴᠢ ᠎ᠶ᠋ᠢᠨ ᠠᠯᠬᠤᠮ ᠎ᠤᠨ ᠡᠮᠴᠢᠯᠡᠭᠡ᠎ᠵᠢ ᠨᠢ ᠵᠢᠯᠣᠭᠣᠳᠴᠤ᠌ ᠪᠠᠢᠨ᠎ᠠ᠃ ᠬᠢᠵᠢᠭ᠎ᠦᠨ ᠬᠤᠭᠤᠴᠠᠭᠠᠨ᠎ᠳᠤ ᠮᠠᠨ᠎ᠤ ᠢᠨᠲ᠋ᠧᠷ ᠰᠦᠯᠵᠢᠶᠡᠨ᠎ᠦ ᠡᠮᠨᠡᠯᠭᠡ ᠳ᠋ᠡᠬᠢ ᠡᠪᠡᠳᠴᠢᠲᠡᠨ ᠢᠯᠡᠳᠲᠡ ᠨᠡᠮᠡᠭ᠌ᠳᠡᠪᠡ᠃

ᠢᠷᠡᠯᠳᠡ᠄ ᠳᠠᠯ᠎ᠠ ᠨᠤᠳᠤᠭ ᠰᠢᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面